| | | ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠨᠠᠩ ᠣᠯᠠᠨ ᠡᠪᠡᠳᠴᠢᠨ ᠳᠤ ᠠᠮᠢ ᠨᠠᠰᠤ ᠪᠠᠨ ᠳᠠᠬᠢᠨ ᠰᠢᠲᠠᠭᠠᠬᠤ ᠬᠦᠰᠡᠯ | ᠡᠷᠡᠮᠡᠯᠵᠡᠯ ᠢ ᠬᠠᠩᠭᠠᠬᠤ ᠶᠢᠨ ᠳᠣᠯᠠᠳᠠ᠂ 12 ᠰᠠᠷ᠎ᠠ ᠶᠢᠨ 10 ᠤ ᠡᠳᠦᠷ᠂ ᠮᠠᠨ ᠤ ᠬᠤᠲᠠ ︽ᠦᠨ᠎ᠡ ᠲᠥᠯᠥᠪᠦᠷᠢ | ᠦᠭᠡᠢ ᠪᠠᠷ ᠴᠢᠰᠤ ᠬᠠᠨᠳᠢᠪᠯᠠᠵᠦ ᠬᠡᠷ ᠪᠦᠯᠢ ᠳᠤ ︿ ᠠᠰᠢᠭ ᠬᠦᠷᠳᠡᠭᠡᠬᠦ﹀︾ ᠵᠢᠴᠢ ᠴᠢᠰᠤ ᠪᠦᠲᠦᠭᠡᠬᠦ ᠭᠤᠤᠯ | ᠡᠰ ᠤᠨ ᠴᠢᠰᠤᠨ ᠤ ᠥᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ᠃ | ᠦᠳᠡ ᠶᠢᠨ ᠡᠮᠦᠨᠡᠬᠢ 8 ᠴᠠᠭ ᠬᠠᠭᠠᠰ ᠲᠤ᠂ ᠴᠢᠰᠤ ᠬᠠᠨᠳᠢᠪᠯᠠᠬᠤ ᠪᠠᠷ ᠢᠷᠡᠭᠰᠡᠨ ᠬᠤᠲᠠ ᠶᠢᠨ ᠠᠷᠠᠳ | ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠣᠯᠠᠨ ᠢᠶᠠᠷ ᠢᠶᠠᠨ ᠡᠮᠬᠢ ᠵᠢᠷᠤᠮ ᠲᠠᠢ ᠪᠠᠷ ᠬᠦᠰᠦᠨᠦᠭ ᠲᠠᠭᠯᠠᠵᠤ᠂ | ᠪᠠᠶᠢᠴᠠᠭᠠᠨ ᠰᠢᠯᠭᠠᠵᠤ᠂ ᠴᠢᠰᠤ ᠠᠪᠴᠠᠶ᠃ ᠴᠢᠰᠤ ᠬᠠᠨᠪᠢᠪᠯᠠᠬᠤ ᠡᠩᠨᠡᠭᠡ ᠳᠣᠲᠣᠷ᠎ᠠ᠂ ᠠᠩᠬ᠎ᠠ ᠤᠳᠠᠭ᠎ᠠ ᠴᠢᠰᠤ | ᠬᠠᠨᠳᠢᠪᠯᠠᠬᠤ ︽ᠰᠢᠨ᠎ᠡ ᠬᠥᠮᠦᠨ︾ ᠪᠠᠶᠢᠬᠤ ᠮᠥᠷᠲᠡᠭᠡᠨ ᠪᠠᠰᠠ ᠣᠯᠠᠨ ᠤᠳᠠᠭ᠎ᠠ ᠣᠷᠣᠯᠴᠠᠭᠰᠠᠨ ︽ᠠᠪᠢᠶᠠᠰᠲᠠᠨ︾ | ᠪᠠᠶᠢᠨ᠎ᠠ᠃ ᠤᠯᠠᠨ ᠢᠶᠠᠷ ᠢᠶᠠᠨ ᠬᠠᠨᠴᠤᠢ ᠰᠢᠮᠠᠯᠠᠨ᠂ ᠦᠪᠡᠷ ᠤᠨ ︽ᠬᠠᠯᠠᠭᠤᠨ ᠴᠢᠰᠤ︾ ᠪᠠᠷ ᠢᠶᠠᠨ ᠠᠮᠢ ᠨᠠᠰᠤᠨ ᠤ | ᠪᠤᠤᠬᠢᠶ᠎ᠠ ᠲᠠᠮᠵᠢᠭᠤᠯᠤᠨ ᠪᠤᠳᠠᠳᠤ ᠠᠵᠢᠯᠯᠠᠭ᠎ᠠ ᠪᠠᠷ ᠢᠶᠠᠨ ᠨᠠᠶᠢᠭᠡᠮ ᠳᠤ ᠬᠠᠶᠢᠷ᠎ᠠ ᠶᠢᠨ ᠢᠳᠡᠪᠬᠢ ᠬᠦᠴᠦᠨ ᠢ | ᠲᠠᠮᠵᠢᠭᠤᠯᠪᠠ᠃ | ᠬᠤᠲᠠ ᠶᠢᠨ ᠠᠷᠠᠳ ᠬᠠᠨ ᠯᠧᠢ ᠬᠡᠯᠡᠭᠰᠡᠨ ᠨᠢ᠄ ︽ᠪᠢ 2010 ᠣᠨ ᠳᠤ ᠠᠩᠬ᠎ᠠ ᠤᠳᠠᠭ᠎ᠠ ᠴᠢᠰᠤ | ᠬᠠᠨᠳᠢᠪᠯᠠᠭᠰᠠᠨ᠂ ᠡᠭᠦᠨ ᠠᠴᠠ ᠬᠤᠶᠢᠰᠢ ᠮᠢᠨᠦ ᠴᠢᠰᠤ ᠬᠠᠨᠳᠢᠪᠯᠠᠬᠤ ᠵᠠᠮ ᠡᠬᠢᠯᠡᠭᠰᠡᠨ ᠪᠠᠶᠢᠨ᠎ᠠ᠂ ᠡᠭᠦᠨ ᠳᠤ | ᠥᠨᠥᠳᠦᠷ ᠨᠡᠶᠢᠲᠡ 25 ᠤᠳᠠᠭ᠎ᠠ ᠴᠢᠰᠤ ᠬᠠᠨᠳᠢᠪᠯᠠᠵᠤ᠂ ᠨᠡᠶᠢᠲᠡ 10000 ᠮᠢᠯᠢᠯᠢᠲ᠋ᠧᠷ ᠴᠢᠰᠤ ᠬᠠᠨᠳᠢᠪᠯᠠᠭᠰᠠᠨ | ᠪᠠᠶᠢᠨ᠎ᠠ᠃ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠣᠯ ᠨᠢᠭᠡ ᠵᠦᠢᠯ ᠤᠨ ᠠᠮᠢ ᠨᠠᠰᠤ ᠶᠢ ᠠᠪᠤᠷᠠᠬᠤ | ᠬᠠᠶᠢᠷ᠎ᠠ ᠬᠠᠯᠠᠮᠵᠢ ᠶᠢᠨ ᠠᠶᠠᠯᠠᠯ ᠮᠥᠨ᠂ ᠪᠦᠬᠦ ᠨᠡᠶᠢᠭᠡᠮ ᠤᠨ ᠳᠡᠮᠵᠢᠯᠭᠡ ᠪᠠ ᠣᠷᠣᠯᠴᠠᠯᠭ᠎ᠠ ᠱᠠᠭᠠᠷᠳᠠᠭᠳᠠᠨ᠎ᠠ᠂ ᠪᠢ | ᠠᠳᠡ ᠥᠷᠭᠡᠨ ᠤᠯᠠᠨ ᠬᠤᠳᠠ ᠶᠢᠨ ᠠᠷᠠᠳ ᠢ ᠨᠥᠬᠦᠷᠰᠡᠭ ᠭᠠᠷ ᠢᠶᠠᠨ ᠰᠤᠩᠭᠠᠵᠤ᠂ ᠬᠠᠶᠢᠷ᠎ᠠ ᠬᠠᠯᠠᠮᠵᠢ ᠪᠠᠷ ᠢᠶᠠᠨ | ᠬᠦᠰᠡᠯ ᠡᠷᠡᠮᠡᠯᠵᠡᠯ ᠢᠶᠠᠨ ᠳᠠᠮᠵᠢᠭᠤᠯᠵᠤ᠂ ᠦᠢᠯᠡ ᠠᠵᠢᠯᠯᠠᠭ᠎ᠠ ᠪᠠᠷ ᠢᠶᠠᠨ ᠠᠮᠢ ᠨᠠᠰᠤ ᠶᠢ ᠠᠪᠤᠷᠠᠬᠤ ᠶᠢ ᠤᠷᠢᠶᠠᠯᠠᠵᠤ | ᠪᠠᠶᠢᠨ᠎ᠠ︾ ᠭᠡᠵᠦ ᠬᠡᠯᠡᠪᠡ᠃ | ᠠᠵᠢᠯᠯᠠᠭ᠎ᠠ ᠨᠢ ᠪᠠᠰᠠ ᠳᠡᠯᠭᠡᠨ ᠦᠵᠡᠭᠦᠯᠬᠦ ᠲᠠᠪᠴᠠᠩ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ ᠵᠢᠴᠢ ᠡᠳ᠋ | ᠪᠣᠳᠠᠰ ᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠦᠨ᠎ᠡ ᠲᠥᠯᠥᠪᠦᠷᠢ ᠦᠭᠡᠢ ᠪᠠᠷ ᠴᠢᠰᠤ ᠡᠷᠭᠦᠬᠦ | ᠪᠠ ᠴᠢᠰᠤ ᠪᠦᠲᠦᠭᠡᠬᠦ ᠭᠤᠣᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠦᠢᠯᠡᠳᠦᠯ ᠪᠠ ᠠᠴᠢ ᠬᠤᠯᠪᠣᠭᠳᠠᠯ ᠢ | ᠤᠬᠠᠭᠤᠯᠬᠤ ᠶᠢᠨ ᠬᠠᠮᠲᠤ ᠨᠠᠷᠢᠨ ᠲᠠᠶᠢᠯᠪᠤᠷᠢᠯᠠᠵᠤ᠂ ᠵᠢᠷᠦᠬᠡ ᠠᠭᠤᠰᠬᠢᠨ ᠤ ᠰᠡᠷᠭᠦᠯᠲᠡ᠂ ᠠᠮᠢᠰᠬᠤᠯ ᠤᠨ ᠵᠠᠮ ᠤᠨ | ᠣᠨᠳᠣᠤ ᠪᠣᠳᠠᠰ ᠤᠨ ᠲᠦᠭᠵᠢᠷᠡᠯ ᠤᠨ ᠲᠦᠷᠭᠡᠨ ᠠᠪᠤᠷᠠᠬᠤ ᠠᠷᠭ᠎ᠠ ᠶᠢ ᠨᠠᠷᠢᠨ ᠲᠠᠶᠢᠯᠪᠤᠷᠢᠯᠠᠵᠤ᠂ ᠤᠯᠠᠨ ᠲᠦᠮᠡᠨ ᠤ | ᠭᠠᠮᠰᠢᠭ ᠤᠨ ᠠᠶᠤᠯ ᠲᠦᠭᠰᠢᠭᠦᠷᠢ ᠶᠢᠨ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠬᠡᠪ | ᠪᠣᠯᠪᠠᠰᠤᠷᠠᠯ ᠢ ᠴᠢᠩᠭᠠᠳᠬᠠᠵᠠᠢ᠃ | ᠣᠳᠣᠬᠠᠨ ᠳᠤ᠂ ᠮᠠᠨ ᠤ ᠬᠤᠲᠠ ᠨᠢᠭᠡᠨᠲᠡ ︽ᠨᠡᠶᠢᠭᠡᠮ ᠳᠤ ᠬᠠᠶᠢᠷ᠎ᠠ ᠪᠠᠨ ᠡᠷᠭᠦᠵᠦ᠂ ᠬᠥᠮᠦᠰ ᠤᠨ ᠰᠡᠳᠬᠢᠯ ᠢ | ᠦᠨᠡᠨ ᠰᠡᠳᠬᠢᠯ ᠠᠴᠠ ᠪᠠᠨ ᠳᠤᠯᠠᠭᠠᠴᠠᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ | ᠣᠯᠠᠨ ᠲᠦᠮᠡᠨ ᠤ ᠴᠢᠰᠤ ᠪᠦᠲᠦᠭᠡᠬᠦ ᠭᠤᠤᠯ ᠡᠰ ᠤᠨ ᠬᠠᠨᠳᠢᠪᠯᠠᠯ ᠤᠨ ᠲᠤᠬᠠᠶ ᠮᠡᠳᠡᠷᠡᠬᠦ ᠨᠣᠷᠮ᠎ᠠ ᠪᠠ ᠳᠡᠮᠵᠢᠬᠦ | ᠨᠣᠷᠮ᠎ᠠ ᠦᠷᠭᠦᠯᠵᠢᠯᠡᠨ ᠳᠡᠭᠡᠭᠰᠢᠯᠡᠪᠡ᠃ |