5 ᠰᠠᠤᠷᠢ AED ᠮᠠᠰᠢᠨ ᠭᠤᠣᠯᠳᠠᠯᠭ᠎ᠠ ᠲᠠᠢ ᠤᠯᠠᠨ ᠨᠡᠶᠢᠲᠡ ᠶᠢᠨ ᠲᠠᠯᠠᠪᠤᠷ ᠲᠤ ︽ᠠᠵᠢᠯ ᠤᠨ ᠪᠠᠶᠢᠷᠢ ︾ ᠳᠤ ᠭᠠᠷᠪᠠ
ᠨᠡᠶᠢᠲᠡᠯᠡᠭᠰᠡᠨ ᠴᠠᠭ᠄
2024/12/12
    ︽ᠬᠠᠵᠠᠭᠤ ᠳᠤᠨᠢ ᠠᠪᠤᠷᠠᠬᠤ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠬᠦ ᠶᠢᠨ ᠳᠣᠯᠠᠳᠠ᠂ 12 ᠰᠠᠷ᠎ᠠ ᠶᠢᠨ 11 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠬᠠᠵᠠᠭᠤ ᠳᠤᠨᠢ ᠠᠮᠢ ᠨᠠᠰᠤ ᠶᠢ ᠠᠪᠤᠷᠠᠬᠤ︾ AED ᠬᠠᠨᠳᠢᠪᠯᠠᠬᠤ ᠶᠣᠰᠣᠯᠠᠯ ᠥᠷᠨᠢᠭᠦᠯᠪᠡ᠃     ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ᠂ ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠰᠠᠷ᠂ ᠤᠯᠠᠭᠠᠨ ᠲᠣᠮᠢᠯᠠᠭᠰᠠᠨ ᠰᠠᠯᠪᠤᠷᠢ᠂ ᠳ᠋ᠦᠩ ᠴᠧᠩ ᠲᠣᠮᠢᠯᠠᠭᠰᠠᠨ ᠰᠠᠯᠪᠤᠷᠢ᠂ ᠰᠢᠯᠢ ᠶᠢᠨ ᠲᠣᠮᠢᠯᠠᠭᠰᠠᠨ ᠰᠠᠯᠪᠤᠷᠢ ᠳᠤ ᠲᠤᠰ ᠲᠤᠰ AED ᠮᠠᠰᠢᠨ ᠬᠠᠨᠳᠢᠪᠯᠠᠪᠠ᠃     ᠳᠠᠷᠠᠭ᠎ᠠ ᠨᠢ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠤᠨ ᠯᠧᠺᠲ᠋ᠣᠷ ᠪᠣᠳᠠᠲᠠᠶ ᠬᠡᠷᠡᠭ ᠤᠨ ᠵᠢᠱᠢᠶ᠎ᠡ ᠪᠠ ᠲᠤᠬᠠᠶ ᠶᠢᠨ ᠲᠠᠯᠠᠪᠤᠷ ᠲᠤ ᠦᠵᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ AED ᠶᠢᠨ ᠵᠥᠪ ᠬᠡᠷᠡᠭᠯᠡᠬᠦ ᠠᠷᠭ᠎ᠠ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠤᠬᠠᠭᠳᠠᠬᠤᠨ ᠪᠠ ᠠᠵᠢᠯᠯᠠᠭᠠᠨ᠂ ᠠᠮᠢᠰᠬᠤᠯ ᠤᠨ ᠵᠠᠮ ᠤᠨ ᠣᠨᠳᠣᠤ ᠪᠣᠳᠠᠰ ᠤᠨ ᠲᠦᠭᠵᠢᠷᠡᠯ ᠢ ᠠᠪᠤᠷᠠᠨ ᠲᠤᠰᠠᠯᠠᠬᠤ ᠠᠷᠭ᠎ᠠ ᠪᠠ ᠰᠢᠷᠬ᠎ᠠ ᠶᠢ ᠠᠪᠤᠷᠠᠬᠤ ᠵᠡᠷᠭᠡ ᠲᠠᠯ᠎ᠠ ᠶᠢᠨ ᠤᠷ᠎ᠠ ᠴᠢᠳᠠᠪᠤᠷᠢ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠭᠥᠯᠢᠶᠡᠨ ᠠᠪᠬᠤ ᠨᠢᠭᠡᠴᠡ ᠶᠢᠨ ᠭᠡᠨᠡᠳᠲᠡ ᠶᠢᠨ ᠬᠡᠷᠡᠭ ᠵᠢᠴᠢ ᠰᠠᠨᠠᠭᠠᠨ ᠳᠤ ᠥᠬᠡᠶ ᠭᠡᠮᠲᠦᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     AED ᠮᠠᠰᠢᠨ ᠨᠢ ᠵᠢᠷᠦᠬᠡᠨ ᠤ ᠢᠷᠡᠯᠲᠡ ᠶᠢᠨ ᠴᠢᠨᠠᠷᠲᠠᠢ ᠭᠡᠨᠡᠳᠲᠡ ᠦᠬᠦᠬᠦ ᠶᠢ ᠠᠪᠤᠷᠠᠬᠤ ᠪᠦᠲᠦᠮᠵᠢᠲᠡᠢ ᠲᠥᠬᠦᠭᠡᠷᠦᠮᠵᠢ ᠶᠢᠨ ᠨᠢᠭᠡ ᠪᠣᠯᠤᠭᠰᠠᠨ ᠤ ᠬᠤᠪᠢ ᠳᠤ᠂ ᠠᠪᠴᠤ ᠶᠠᠪᠤᠬᠤ ᠳᠤ ᠳᠥᠭᠦᠮ᠂ ᠠᠮᠠᠷᠬᠠᠨ ᠠᠵᠢᠯᠯᠠᠬᠤ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠢᠵᠤ᠂ ︽ᠠᠮᠢ ᠠᠪᠤᠷᠠᠬᠤ ᠬᠤᠪᠢᠯᠭᠠᠨ ᠪᠠᠭᠠᠵᠢ︾ ᠭᠡᠵᠦ ᠠᠯᠳᠠᠷᠰᠢᠭᠰᠠᠨ ᠪᠠᠶᠢᠨ᠎ᠠ᠃ ᠲᠣᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠨᠢ AED ᠮᠠᠰᠢᠨ ᠢ ᠪᠣᠭᠤᠮᠲᠠ ᠳᠤ ᠲᠦᠭᠡᠮᠡᠯᠵᠢᠭᠦᠯᠦᠭᠰᠡᠨ ᠬᠡᠪᠴᠢᠶ᠎ᠡ ᠪᠠᠷ ᠨᠠᠩ ᠥᠷᠭᠡᠨ ᠳᠡᠯᠭᠡᠷ᠂ ᠨᠠᠩ ᠡᠯᠪᠡᠭ ᠪᠠᠶᠠᠯᠢᠭ ᠪᠣᠯᠭᠠᠭᠰᠠᠨ ᠪᠥᠭᠡᠳ ᠨᠠᠩ ᠣᠯᠠᠨ ᠣᠯᠠᠨ ᠲᠦᠮᠡᠨ ᠳᠤ ᠠᠮᠢ ᠨᠠᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号