| ᠬᠤᠲᠠ ᠶᠢᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ | ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠤᠳᠠᠯ ᠥᠬᠡᠶ | ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ︽ᠰᠡᠩᠬᠡᠷᠡᠭᠦᠯᠦᠯ | ᠦᠵᠡᠰᠬᠦᠯᠡᠩ ᠤᠨ ᠰᠢᠨ᠎ᠡ ᠬᠠᠭᠤᠳᠠᠰᠤ ᠶᠢ ᠪᠢᠴᠢᠭᠯᠡᠨ ᠡᠷᠡᠯᠬᠡᠭᠯᠡᠨ ᠤᠷᠤᠭᠰᠢᠯᠠᠬᠤ ᠢᠷᠠᠭᠤ ᠬᠠᠭᠤᠳᠠᠰᠤ︾ ᠶᠢᠨ ᠲᠤᠰᠬᠠᠶ | ᠪᠤᠯᠤᠩ ᠭᠠᠷᠭᠠᠵᠤ᠂ ᠮᠠᠨ ᠤ ᠬᠤᠲᠠ ᠶᠢᠨ 2024 ᠣᠨ ᠠᠴᠠ ᠨᠠᠰᠢᠬᠢ ᠠᠵᠤ ᠠᠬᠤᠶ᠂ ᠨᠡᠶᠢᠭᠡᠮ᠂ ᠠᠷᠠᠳ ᠤᠨ | ᠠᠮᠢᠳᠤᠷᠠᠯ ᠵᠡᠷᠭᠡ ᠣᠯᠠᠨ ᠬᠦᠷᠢᠶᠡᠨ ᠳᠠᠬᠢ ᠭᠠᠷᠮᠠᠭᠠᠶ ᠬᠥᠭᠵᠢᠯᠲᠡ ᠶᠢᠨ ᠠᠮᠵᠢᠯᠲᠠ ᠪᠦᠲᠦᠮᠵᠢ ᠶᠢ ᠰᠢᠷᠢᠰ ᠮᠡᠳᠡᠭᠡᠯᠡᠯ | ᠥᠷᠨᠢᠭᠦᠯᠵᠦ᠂ ᠠᠩᠬᠠᠷᠤᠯ ᠳᠠᠭᠠᠨ ᠠᠪᠤᠭᠠᠷᠠᠢ᠃ | ᠡᠨᠡ ᠵᠢᠯ ᠠᠴᠠ ᠨᠠᠰᠢ᠂ ᠮᠠᠨ ᠤ ᠬᠤᠲᠠ ᠪᠣᠭᠤᠮᠲᠠ᠂ ᠠᠮᠢ ᠠᠬᠤᠶ᠂ ᠠᠵᠤ ᠦᠢᠯᠡᠰ ᠤᠨ ᠭᠤᠷᠪᠠᠨ ᠲᠥᠷᠥᠯ ᠤᠨ | ᠡᠬᠢ ᠪᠠᠶᠠᠯᠢᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠲᠠᠪᠴᠠᠩ ᠢ ᠢᠳᠡᠪᠬᠢᠲᠡᠶ ᠪᠠᠶᠢᠭᠤᠯᠵᠤ᠂ ᠣᠷᠣᠯᠭ᠎ᠠ ᠶᠢᠨ | ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠤᠨ ᠨᠠᠩ | ᠣᠯᠠᠨ ᠮᠠᠯᠴᠢᠨ ᠲᠠᠷᠢᠶᠠᠴᠢᠨ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠪᠠ᠃ ᠡᠨᠡ ᠵᠢᠯ ᠤᠨ ᠲᠦᠷᠦᠭᠦᠤ 11 | ᠰᠠᠷ᠎ᠠ ᠳᠤ᠂ ᠪᠥᠬᠦ ᠬᠤᠲᠠ ᠶᠢᠨ 5 ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 586.39 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11. 6% ᠪᠠᠷ ᠨᠡᠮᠡᠭᠳᠡᠪᠡ᠃ | ᠡᠨᠡ ᠵᠢᠯ ᠤᠨ 4 ᠳ᠋ᠦ᠋ᠭᠡᠷ ᠰᠠᠷ᠎ᠠ ᠳᠤ ᠠᠰᠢᠭᠯᠠᠯᠲᠠ ᠳᠤ ᠣᠷᠣᠭᠤᠯᠤᠭᠰᠠᠨ ᠪᠧᠨ ᠪᠧᠨ ᠰᠢᠯᠢᠳᠡᠭ ᠰᠠᠶᠢᠨ ᠮᠢᠬᠠᠨ ᠤ | ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠮᠥᠷ ᠮᠥᠷ ᠪᠠᠷᠢᠮᠵᠢᠶᠠᠯᠠᠭᠰᠠᠨ ᠦᠬᠡᠷ ᠤᠨ ᠬᠠᠰᠢᠶ᠎ᠠ ᠰᠠᠷᠠᠪᠴᠢ ᠶᠢ | ᠲᠡᠷᠢ ᠲᠡᠭᠰᠢ ᠵᠢᠭᠰᠠᠭᠠᠵᠤ᠂ ᠨᠢᠭᠡ ᠲᠠᠯ᠎ᠠ ᠨᠢ ᠠᠩᠭᠧᠰ ᠦᠬᠡᠷ ᠤᠨ ᠲᠠᠷᠭᠤ ᠬᠦᠴᠦ ᠰᠠᠶᠢᠨ ᠪᠠᠶᠢᠵᠤ᠂ ᠣᠳᠣ ᠶᠠᠭ ᠡᠪᠡᠰᠦ | ᠪᠣᠷᠳᠤᠭ᠎ᠠ ᠢᠳᠡᠵᠦ ᠪᠠᠶᠢᠨ᠎ᠠ᠃ ᠰᠠᠭᠤᠷᠢᠨ ᠭᠠᠵᠠᠷ ᠤᠨ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠠᠩᠭᠧᠰ ᠦᠬᠡᠷ ᠤᠨ | ᠬᠦᠨᠡᠰᠦᠨ ᠤ ᠪᠣᠷᠳᠤᠭ᠎ᠠ ᠶᠢ ᠴᠥᠮ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠠᠳᠠᠯᠢᠳᠬᠠᠵᠤ᠂ ᠦᠬᠡᠷ ᠢ ᠲᠦᠷᠭᠡᠨ | ᠨᠡᠮᠡᠭᠳᠡᠭᠦᠯᠵᠦ᠂ ᠶᠠᠰᠤ ᠴᠢᠨᠠᠷ ᠢᠶᠠᠷ ᠰᠠᠶᠢᠨ ᠪᠣᠯᠭᠠᠵᠠᠢ᠃ ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠨᠢ ︽ᠭᠠᠴᠠᠭᠠᠨ ᠤ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ | ᠬᠠᠮᠲᠤ ᠨᠡᠶᠢᠲᠡ ᠠᠴᠠ ᠠᠰᠢᠭ ᠬᠦᠷᠲᠡᠬᠦ︾ ᠬᠥᠭᠵᠢᠯᠲᠡ ᠶᠢᠨ ᠵᠠᠭᠪᠤᠷ ᠢ ᠬᠡᠷᠡᠭᠯᠡᠵᠦ᠂ ᠥᠮᠴᠢᠯᠡᠬᠦ ᠡᠷᠬᠡ ᠨᠢ ᠡᠷᠳᠡᠨᠢᠭᠤᠪᠢ | ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠳᠤ ᠥᠮᠴᠢᠯᠡᠭᠳᠡᠵᠦ᠂ ᠠᠵᠤ ᠠᠬᠤᠶᠢᠯᠠᠯ ᠲᠠᠯᠠᠪᠤᠷ | ᠲᠦᠷᠢᠶᠡᠰᠦᠯᠡᠨ ᠬᠡᠷᠡᠭᠯᠡᠬᠦ ᠶᠢᠨ ᠬᠠᠮᠲᠤ ᠭᠠᠴᠠᠭᠠᠨ ᠤ ᠬᠠᠮᠲᠤ ᠨᠡᠶᠢᠲᠡ ᠶᠢᠨ ᠲᠦᠷᠢᠶᠡᠰᠦᠨ ᠮᠥᠩᠭᠦ ᠪᠠᠨ ᠲᠤᠰᠢᠶᠠᠵᠤ᠂ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠡᠭᠦᠳᠪᠡ᠃ | ᠮᠠᠨ ᠤ ᠬᠤᠲᠠ ᠪᠣᠭᠤᠮᠲᠠ ᠶᠢᠨ ᠡᠬᠢ ᠪᠠᠶᠠᠯᠢᠭ ᠲᠤ ᠲᠦᠰᠢᠭᠯᠡᠨ᠂ ︽ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠭᠠᠴᠠᠭᠠᠨ ᠤ ᠨᠠᠮ ᠤᠨ ᠡᠭᠦᠷ ᠤᠨ ᠬᠠᠪᠰᠤᠷᠤᠯᠴᠠᠬᠤ ᠳᠤᠭᠤᠶᠢᠯᠠᠩ︾ ᠤᠨ ᠵᠠᠭᠪᠤᠷ ᠢ ᠬᠡᠷᠡᠭᠵᠢᠭᠦᠯᠵᠦ᠂ | ᠭᠠᠴᠠᠭᠠᠨ ᠤ ᠨᠠᠮ ᠤᠨ ᠡᠭᠦᠷ ᠲᠦᠷᠦᠭᠦᠯᠡᠨ ᠬᠠᠪᠰᠤᠷᠤᠯᠴᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠬ᠎ᠠ ᠶᠢᠨ | ᠠᠷᠠᠯᠵᠢᠶ᠎ᠠ ᠪᠠ ᠪᠣᠳᠠᠲᠠᠶᠢᠵᠢᠭᠤᠯᠤᠨ ᠡᠳ᠋ᠰᠢᠭᠦᠯᠬᠦ ᠲᠤᠬᠠᠶᠢᠯᠠᠭᠰᠠᠨ ᠠᠵᠢᠯ ᠳᠤ ᠭᠦᠨᠵᠡᠭᠡᠶ ᠣᠷᠣᠯᠴᠠᠵᠤ᠂ ᠮᠠᠯᠴᠢᠨ | ᠲᠠᠷᠢᠶᠠᠴᠢᠨ ᠳᠤ ᠪᠣᠭᠤᠮᠲᠠ ᠶᠢᠨ ᠬᠥᠭᠵᠢᠯᠲᠡ ᠶᠢᠨ ᠠᠰᠢᠭ ᠢ ᠭᠦᠢᠴᠡᠳ ᠡᠳ᠋ᠯᠡᠭᠦᠯᠪᠡ᠃ ︽ᠠᠮᠢ ᠠᠬᠤᠶ ᠶᠢᠨ ᠲᠥᠷᠥᠯ | ᠵᠦᠢᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠭᠠᠴᠠᠭᠠᠨ ᠤ ᠬᠠᠮᠲᠤ ᠶᠢᠨ ᠮᠠᠯᠴᠢᠨ ᠲᠠᠷᠢᠶᠠᠴᠢᠨ︾ ᠤ | ᠵᠠᠭᠪᠤᠷ ᠢ ᠬᠡᠷᠡᠭᠯᠡᠨ᠂ ᠬᠠᠮᠲᠤ ᠶᠢᠨ ᠬᠠᠳᠤᠯᠠᠩ ᠪᠡᠯᠴᠢᠭᠡᠷ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢ | ᠭᠡᠷᠡᠯ ᠢᠶᠠᠷ ᠡᠯᠡᠰᠦ ᠶᠢ ᠵᠠᠰᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ | ᠮᠠᠯᠴᠢᠨ ᠲᠠᠷᠢᠶᠠᠴᠢᠨ ᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ | ᠣᠷᠣᠯᠴᠠᠬᠤ ᠶᠢ ᠵᠣᠷᠢᠭᠵᠢᠭᠤᠯᠤᠨ᠂ ᠡᠯ᠎ᠡ ᠭᠠᠴᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢ | ᠪᠢᠲᠡᠭᠦᠮᠵᠢᠯᠡᠨ ᠣᠶᠢᠵᠢᠭᠤᠯᠬᠤ ᠪᠠ ᠬᠠᠮᠢᠶᠠᠷᠴᠤ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠵᠤ᠂ ᠮᠠᠯᠴᠢᠨ ᠲᠠᠷᠢᠶᠠᠴᠢᠨ ᠤ | ᠴᠠᠯᠢᠩ ᠤᠨ ᠴᠢᠨᠠᠷᠲᠠᠶ ᠣᠷᠣᠯᠭ᠎ᠠ ᠪᠠ ᠭᠠᠴᠠᠭᠠᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠪᠡ᠃ ᠡᠭᠦᠨ ᠤ ᠬᠠᠮᠲᠤ᠂ ᠠᠵᠤ | ᠦᠢᠯᠡᠰ ᠤᠨ ᠲᠥᠷᠥᠯ ᠵᠦᠢᠯ ᠤᠨ ᠭᠠᠴᠠᠭᠠᠨ ᠤ ᠬᠠᠮᠲᠤ ᠶᠢᠨ ᠠᠵᠤ ᠠᠬᠤᠶ ᠳᠠᠬᠢ ᠲᠤᠯᠭᠠᠭᠤᠷᠢᠯᠠᠨ ᠳᠠᠶᠢᠴᠢᠯᠠᠬᠤ | ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠰᠢᠨ᠎ᠡ ᠬᠡᠯᠪᠡᠷᠢ ᠶᠢᠨ ᠬᠦᠯᠡᠮᠵᠢ ᠶᠢᠨ ᠰᠠᠭᠤᠷᠢᠨ ᠭᠠᠵᠠᠷ᠂ ︽ᠲᠡᠮᠡᠭᠡᠲᠦ ᠮᠧᠩ | ᠰᠦ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠭᠠᠴᠠᠭᠠᠨ ᠤ ᠠᠮᠢᠳᠤ ᠮᠠᠯ ᠢ | ᠠᠷᠠᠯᠵᠢᠶᠠᠯᠠᠵᠤ ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠂ ᠭᠠᠴᠠᠭᠠᠨ ᠤ ᠪᠣᠬᠢᠷᠲᠤᠯ ᠥᠬᠡᠶ ᠴᠠᠬᠢᠯᠭᠠᠨ ᠤ ᠲᠥᠷᠥᠯ | ᠵᠦᠢᠯ ᠳᠤ ᠬᠤᠪᠢ ᠣᠷᠣᠬᠤ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠣᠷᠣᠯᠭ᠎ᠠ ᠶᠢ ᠨᠡᠮᠡᠭᠳᠡᠭᠦᠯᠪᠡ᠃ | ᠬᠤᠲᠠ ᠶᠢᠨ ᠭᠡᠷᠡᠯᠳᠦᠠᠣᠳᠦ ᠰᠤᠮᠤᠨ ᠤ ᠨᠠᠮ ᠤᠨ ᠬᠤᠷᠢᠶᠠᠨ ᠤ ᠱᠦᠵᠢ ᠭᠧᠩ ᠭᠠᠩ ᠴᠢᠶᠠᠩ᠄ ︽2024 ᠣᠨ ᠳᠤ | ᠪᠥᠬᠦ ᠬᠤᠲᠠ ᠶᠢᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 700 ᠲᠦᠮᠡᠨ ᠲᠥᠭᠦᠷᠢᠭ ᠢ ᠳᠠᠪᠠᠵᠤ᠂ 5 | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠴᠥᠮ 70 ᠲᠦᠮᠡᠨ ᠲᠥᠭᠦᠷᠢᠭ ᠢ ᠳᠠᠪᠠᠨ᠎ᠠ᠂ ᠡᠭᠦᠨ ᠳᠤ 4 | ᠭᠠᠴᠠᠭ᠎ᠠ ᠵᠠᠭᠤᠨ ᠲᠦᠮᠡᠨ ᠲᠥᠭᠦᠷᠢᠭ ᠢ ᠳᠠᠪᠠᠨ᠎ᠠ᠃ ᠲᠠᠷᠠᠭᠠᠴᠢ ᠶᠢᠨ ᠠᠯᠬᠤᠮ ᠳᠤ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠲᠤᠷᠰᠢᠯᠲᠠ ᠶᠢᠨ ᠴᠡᠭ ᠤᠨ ᠠᠵᠢᠯ ᠲᠠᠢ ᠤᠶᠠᠯᠳᠤᠭᠤᠯᠤᠨ᠂ ᠬᠠᠭᠠᠰ ᠬᠠᠰᠢᠶᠠᠯᠠᠨ ᠲᠡᠵᠢᠭᠡᠬᠦ᠂ ᠬᠠᠰᠢᠶᠠᠯᠠᠨ ᠲᠡᠵᠢᠭᠡᠬᠦ | ᠪᠥᠲᠥᠭᠡᠨ ᠪᠠᠶᠢᠭᠤᠯᠤᠯᠲᠠ ᠶᠢ ᠬᠥᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠺᠣᠮᠫᠠᠨᠢᠵᠢᠭᠤᠯᠤᠭᠰᠠᠨ | ᠡᠵᠡᠩᠨᠡᠯᠲᠡ ᠶᠢ ᠬᠠᠶᠢᠨ ᠰᠦᠪᠡᠭᠴᠢᠯᠡᠵᠦ᠂ ᠭᠠᠴᠠᠭᠠᠨ ᠤ ᠬᠠᠮᠲᠤ ᠶᠢᠨ ᠪᠠᠯᠠ ᠮᠥᠩᠭᠦ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠦᠨ᠎ᠡ︾ ᠭᠡᠪᠡ᠃ |