| | | 12 ᠰᠠᠷ᠎ᠠ ᠶᠢᠨ 14 ᠤ ᠡᠳᠦᠷ᠂ G54220 ᠡᠭᠡᠯᠵᠢ ᠶᠢᠨ ᠨᠢᠰᠭᠡᠯ ᠨᠢᠰᠬᠦ ᠶᠢ ᠳᠠᠭᠠᠯᠳᠤᠨ᠂ ᠡᠷᠢᠶᠡᠨ | ᠬᠤᠲᠠ ᠶᠢᠨ ᠰᠠᠶᠢᠬᠤᠰᠦ ᠨᠢᠰᠭᠡᠯ ᠤᠨ ᠪᠠᠭᠤᠳᠠᠯ ᠲᠡᠦᠬᠡᠲᠦ ᠴᠢᠨᠠᠷᠲᠠᠢ ᠨᠢᠭᠡ ᠮᠥᠴᠡ - ᠠᠶᠠᠨᠴᠢᠳ ᠤᠨ ᠵᠣᠷᠴᠢᠬᠤ | ᠬᠡᠮᠵᠢᠶ᠎ᠡ ᠨᠢ ᠠᠩᠬ᠎ᠠ ᠤᠳᠠᠭ᠎ᠠ 30 ᠲᠦᠮᠡᠨ ᠬᠥᠮᠦᠨ ᠤᠳᠠᠭ᠎ᠠ ᠶᠢᠨ ᠪᠣᠭᠤᠮᠲᠠ ᠶᠢ ᠳᠠᠪᠠᠵᠤ᠂ 2010 ᠣᠨ ᠳᠤ ᠠᠶᠠᠯᠠᠯ | ᠨᠡᠪᠲᠡᠷᠡᠭᠰᠡᠨ ᠠᠴᠠ ᠨᠠᠰᠢ ᠲᠡᠦᠬᠡ ᠶᠢᠨ ᠬᠠᠮᠤᠭ ᠥᠨᠳᠥᠷ ᠲᠡᠮᠳᠡᠭᠯᠡᠯ ᠢ ᠰᠢᠨᠡᠳᠬᠡᠪᠡ᠃ | ᠣᠳᠣᠬᠠᠨ ᠳᠤ᠂ ᠡᠷᠢᠶᠡᠨ ᠬᠤᠲᠠ ᠶᠢᠨ ᠰᠠᠯᠪᠤᠷᠢ ᠠᠶᠠᠯᠠᠯ ᠤᠨ ᠱᠤᠭᠤᠮ ᠨᠢ ᠨᠢᠭᠡᠨᠲᠡ ᠣᠷᠣᠨ ᠤ ᠳᠣᠲᠣᠷᠠᠬᠢ | ᠲᠦᠩᠯᠢᠶᠣᠤ᠂ ᠤᠯᠠᠭᠠᠨᠬᠠᠳᠠ᠂ ᠰᠢᠯᠢᠩᠬᠤᠲᠠ᠂ ᠤᠯᠠᠭᠠᠨᠬᠤᠲᠠ᠂ ᠣᠷᠳᠣᠰ ᠵᠡᠷᠭᠡ 5 ᠬᠤᠲᠠ ᠶᠢ ᠬᠠᠮᠤᠷᠴᠤ᠂ ᠣᠷᠣᠨ | ᠨᠤᠲᠤᠭ ᠤᠨ ᠠᠭᠠᠷ ᠤᠨ ᠠᠶᠠᠯᠠᠯ ᠨᠡᠪᠲᠡᠷᠡᠬᠦ ᠴᠢᠳᠠᠪᠤᠷᠢ ᠶᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠪᠣᠭᠤᠮᠲᠠ ᠶᠢᠨ | ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠮᠥᠷᠲᠡᠭᠡᠨ ᠪᠠᠰᠠ ᠣᠯᠠᠨ ᠲᠦᠮᠡᠨ ᠳᠤ ᠨᠠᠩ ᠳᠥᠭᠦᠮ ᠳᠥᠲᠡ᠂ | ᠥᠨᠳᠥᠷ ᠪᠦᠲᠦᠮᠵᠢᠲᠡᠶ ᠶᠠᠪᠤᠵᠤ ᠰᠠᠭᠤᠬᠤ ᠣᠶᠢᠯᠠᠭᠠᠯᠲᠠ ᠬᠠᠩᠭᠠᠵᠤ᠂ ᠠᠭᠠᠷ ᠠᠶᠠᠯᠠᠯ ᠢᠶᠠᠷ ᠭᠠᠳᠠᠭᠰᠢ ᠭᠠᠷᠬᠤ ᠶᠢ ᠨᠠᠩ | ᠳᠣᠲᠣᠨᠣ᠂ ᠪᠣᠳᠠᠲᠤ ᠠᠰᠢᠭ ᠬᠦᠷᠲᠡᠭᠡᠬᠦ ᠰᠣᠩᠭᠤᠯᠲᠠ ᠪᠣᠯᠭᠠᠭᠰᠠᠨ ᠪᠠᠶᠢᠨ᠎ᠠ᠃ | ᠠᠶᠠᠨᠴᠢᠳ ᠮᠠ ᠬᠤᠸᠠ ᠸᠧᠶ᠄ ︽ᠥᠨᠥᠳᠥᠷ ᠪᠢ ᠨᠢᠰᠬᠡᠯ ᠢᠶᠠᠷ ᠤᠯᠠᠭᠠᠨᠬᠠᠳᠠ ᠳᠤ ᠣᠴᠢᠨ᠎ᠠ᠃ ᠡᠷᠢᠶᠡᠨ ᠠᠴᠠ | ᠣᠶᠢᠷ᠎ᠠ ᠣᠷᠴᠢᠮ ᠤᠨ ᠬᠤᠲᠠ ᠳᠤ ᠣᠷᠣᠬᠤ ᠳᠤ ᠠᠮᠠᠷᠬᠠᠨ᠂ ᠲᠡᠷᠭᠡ ᠵᠢᠯᠣᠭᠤᠳᠬᠤ ᠳᠤ ᠬᠡᠳᠦᠨ ᠴᠠᠭ ᠬᠡᠷᠡᠭᠰᠡᠨ᠎ᠡ᠃ | ᠨᠢᠰᠬᠡᠯ ᠳᠤ ᠰᠠᠭᠤᠵᠤ ᠭᠠᠳᠠᠭᠰᠢ ᠭᠠᠷᠬᠤ ᠨᠢ ᠮᠠᠨ ᠤ ᠠᠷᠠᠳ ᠢᠷᠭᠡᠳ ᠲᠤ ᠮᠠᠰᠢ ᠠᠰᠢᠭ ᠬᠦᠷᠲᠡᠭᠡᠵᠦ᠂ ᠳᠥᠭᠦᠮ | ᠮᠥᠷᠲᠡᠭᠡᠨ ᠠᠮᠤᠷ ᠲᠦᠪᠰᠢᠨ᠂ ᠶᠡᠭᠡ ᠬᠡᠮᠵᠢᠶᠡᠨ ᠤ ᠴᠠᠭ ᠢ ᠠᠷᠪᠢᠯᠠᠨ᠎ᠠ︾ ᠭᠡᠵᠦ ᠬᠡᠯᠡᠪᠡ᠃ | ︽ᠬᠤᠲᠠ ᠶᠢᠨ ᠨᠢᠰᠭᠡᠯ ᠤᠨ ᠪᠠᠭᠤᠳᠠᠯ︾ ᠠᠴᠠ ︽ᠨᠢᠰᠭᠡᠯ ᠤᠨ ᠪᠠᠭᠤᠳᠠᠯ ᠤᠨ ᠬᠤᠲᠠ︾ ᠳᠤ ᠠᠯᠬᠤᠨ ᠣᠷᠣᠪᠠ᠂ | ᠡᠷᠢᠶᠡᠨ ᠬᠤᠲᠠ ᠶᠢᠨ ᠨᠢᠰᠭᠡᠯ ᠤᠨ ᠪᠠᠭᠤᠳᠠᠯ ᠨᠢ ᠬᠠᠮᠤᠭ ᠡᠬᠢᠨ ᠳᠤ ᠪᠡᠭᠡᠵᠢᠩ᠂ ᠬᠥᠬᠡᠬᠤᠲᠠ ᠬᠤᠶᠠᠷ ᠵᠤᠷᠪᠤᠰ ᠠᠭᠠᠷ ᠤᠨ | ᠠᠶᠠᠯᠠᠯ ᠤᠨ ᠱᠤᠭᠤᠮ ᠢᠶᠠᠷ ᠨᠡᠪᠳᠡᠷᠡᠭᠰᠡᠨ ᠠᠴᠠ ᠣᠳᠣ ᠤᠯᠤᠰ ᠤᠨ ᠳᠣᠲᠣᠭᠠᠳᠤ ᠶᠢᠨ ᠳᠣᠯᠣᠭᠠᠨ ᠶᠡᠭᠡ ᠬᠤᠲᠠ ᠳᠤ | ᠥᠷᠭᠡᠨ ᠢᠶᠠᠷ ᠬᠤᠯᠪᠣᠯᠳᠤᠭᠰᠠᠨ ᠵᠢᠴᠢ ᠠᠭᠠᠷ ᠤᠨ ᠠᠶᠠᠯᠠᠯ ᠤᠨ ᠪᠣᠭᠤᠮᠲᠠ ᠶᠢ ᠲᠦᠷ ᠴᠠᠭ ᠨᠡᠭᠡᠭᠡᠬᠦ ᠬᠤᠭᠤᠴᠠᠭᠠᠨ ᠳᠤ | ᠤᠯᠠᠭᠠᠨᠪᠠᠭᠠᠲᠤᠷ᠂ ᠢᠷᠺᠦᠼᠡᠺ᠂ ᠣᠯᠠᠭᠠᠠᠦ᠋ᠳᠡ ᠳᠤ ᠵᠡᠷᠭᠡ ᠣᠯᠠᠨ ᠤᠯᠤᠰ ᠤᠨ ᠬᠤᠲᠠ ᠳᠤ ᠠᠮᠵᠢᠯᠲᠠ ᠲᠠᠢ ᠨᠡᠪᠲᠡᠷᠡᠵᠦ᠂ | ᠲᠡᠣᠬᠡᠨ ᠦᠭᠡᠢ ᠦᠰᠦᠷᠦᠯᠲᠡ ᠶᠢ ᠪᠡᠶᠡᠯᠡᠭᠦᠯᠪᠡ᠃ | ᠡᠨᠡ 14 ᠵᠢᠯ ᠤᠨ ᠬᠤᠭᠤᠴᠠᠭᠠᠨ ᠳᠤ᠂ ᠡᠷᠢᠶᠡᠨ ᠬᠤᠲᠠ ᠠᠭᠠᠷ ᠤᠨ ᠠᠶᠠᠯᠠᠯ ᠤᠨ ᠱᠤᠭᠤᠮ ᠤᠨ ᠨᠥᠬᠦᠪᠥᠷᠢ ᠶᠢᠨ | ᠪᠠᠯᠠ ᠮᠥᠩᠭᠦ ᠶᠢ ᠨᠡᠶᠢᠲᠡ 6 ᠳ᠋ᠦᠩᠰᠢᠭᠤᠷ ᠲᠥᠭᠦᠷᠢᠭ ᠣᠷᠣᠭᠤᠯᠵᠤ᠂ ᠨᠢᠰᠬᠡᠯ ᠤᠨ ᠪᠠᠭᠤᠳᠠᠯ ᠤᠨ ᠠᠭᠠᠷ ᠤᠨ | ᠱᠤᠭᠤᠮ ᠤᠨ ᠲᠣᠭᠲᠠᠭᠤᠨ ᠢᠶᠠᠷ ᠠᠵᠢᠯᠯᠠᠬᠤ ᠶᠢ ᠪᠠᠳᠣᠯᠠᠭᠰᠠᠨ ᠶᠤᠮ᠂ ᠡᠭᠦᠨ ᠤ ᠬᠠᠮᠲᠤ ᠠᠶᠠᠨᠴᠢᠳ ᠤᠨ ᠨᠢᠰᠬᠡᠯ ᠤᠨ | ᠪᠢᠯᠧᠲ ᠤᠨ ᠦᠨ᠎ᠡ ᠳᠤ ᠨᠥᠬᠦᠪᠥᠷᠢ ᠥᠭᠴᠦ᠂ ᠣᠯᠠᠨ ᠲᠦᠮᠡᠨ ᠢ ︽ᠨᠢᠰᠬᠡᠯ ᠳᠤ ᠰᠠᠭᠤᠵᠤ ᠳᠡᠶᠢᠯᠬᠦ︾ ᠨᠠᠩ ᠰᠠᠶᠢᠨ | ᠰᠠᠶᠢᠬᠠᠨ ᠬᠦᠰᠡᠯ ᠡᠷᠡᠮᠡᠯᠵᠡᠯ ᠢ ᠦᠨᠡᠨ ᠬᠦ ᠪᠡᠶᠡᠯᠡᠭᠦᠯᠪᠡ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2010 ᠣᠨ ᠳᠤ ᠠᠶᠠᠯᠠᠯ ᠨᠡᠪᠲᠡᠷᠡᠬᠦ ᠦᠶ᠎ᠡ ᠳᠤ᠂ ᠡᠷᠢᠶᠡᠨ | ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠤᠨ ᠲᠤᠬᠠᠢ ᠶᠢᠨ ᠵᠢᠯ ᠤᠨ ᠠᠶᠠᠨᠴᠢᠳ ᠤᠨ ᠵᠣᠷᠴᠢᠭᠰᠠᠨ ᠬᠡᠮᠵᠢᠶ᠎ᠡ 4.7 | ᠲᠦᠮᠡᠨ ᠬᠥᠮᠥᠨ ᠪᠠᠶᠢᠵᠤ᠂ ᠬᠥᠮᠥᠨ ᠳᠤᠮᠳᠠᠴᠢ ᠶᠢᠨ ᠨᠥᠬᠦᠪᠦᠷᠢ 482.4 ᠲᠥᠭᠦᠷᠢᠭ ᠪᠠᠶᠢᠪᠠ᠃ 2024 ᠤᠨ | ᠪᠣᠯᠬᠤ ᠳᠤ᠂ ᠡᠨᠡ ᠬᠦ ᠲᠤᠭ᠎ᠠ ᠪᠠᠷᠢᠮᠲᠠ ᠶᠢ ᠨᠢᠭᠡᠨᠲᠡ 30 ᠲᠦᠮᠡᠨ ᠬᠥᠮᠦᠨ ᠤᠳᠠᠭ᠎ᠠ ᠪᠣᠯᠭᠠᠨ ᠳᠡᠭᠡᠭᠰᠢᠯᠡᠭᠦᠯᠵᠦ᠂ ᠬᠥᠮᠦᠨ | ᠳᠤᠮᠳᠠᠴᠢ ᠶᠢᠨ ᠨᠥᠬᠦᠪᠥᠷᠢ ᠶᠢ 25. 8 ᠲᠥᠭᠦᠷᠢᠭ ᠪᠣᠯᠭᠠᠨ ᠪᠠᠭᠤᠷᠠᠭᠤᠯᠵᠤ᠂ ᠠᠭᠠᠷ ᠤᠨ ᠠᠶᠠᠯᠠᠯ ᠤᠨ ᠨᠥᠬᠦᠪᠥᠷᠢ ᠶᠢᠨ | ᠣᠷᠣᠭᠤᠯᠤᠯᠲᠠ ᠶᠢᠨ ᠬᠠᠷᠢᠴᠠᠯ ᠢ ᠳᠠᠬᠢᠨ ᠢᠶᠠᠷ ᠨᠡᠮᠡᠭᠳᠡᠭᠦᠯᠦᠨ᠎ᠡ᠃ ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ | ᠪᠠᠭᠤᠳᠠᠯ ᠨᠢ ᠪᠥᠬᠦ ᠣᠷᠣᠨ ᠤ ᠠᠩᠬᠠᠳᠠᠭᠴᠢ ᠨᠢᠰᠬᠡᠯ ᠰᠠᠭᠤᠬᠤ ᠬᠠᠷᠢᠴᠠᠯ ᠨᠢ 1᠄ 4 ᠠᠴᠠ ᠳᠡᠭᠡᠭᠰᠢ ᠬᠢᠷᠢ ᠲᠦᠪᠰᠢᠨ ᠲᠠᠢ | ᠨᠢᠰᠬᠡᠯ ᠤᠨ ᠪᠠᠭᠤᠳᠠᠯ ᠪᠣᠯᠤᠭᠰᠠᠨ ᠪᠠᠶᠢᠨ᠎ᠠ᠂ ᠡᠨᠡ ᠬᠦ ᠬᠢᠷᠢ ᠪᠦᠲᠦᠮᠵᠢ ᠨᠢ ᠪᠥᠬᠦ ᠤᠯᠤᠰ ᠤᠨ ᠬᠡᠪᠴᠢᠶᠡᠨ ᠳᠤ ᠡᠮᠦᠨ᠎ᠡ | ᠡᠩᠨᠡᠭᠡᠨ ᠳᠤ ᠵᠢᠭᠰᠠᠭᠠᠭᠳᠠᠪᠠ᠃ | ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠤᠨ ᠳᠡᠳ᠋ ᠶᠡᠷᠦᠩᠬᠡᠢ ᠳᠠᠭᠠᠭᠠᠮᠠᠯ ᠵᠦ ᠱᠢ ᠵᠢᠶᠧ᠄ ︽ | ᠬᠤᠶᠢᠰᠢᠳᠠ ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠦᠷᠭᠦᠯᠵᠢᠯᠡᠨ ᠤᠭ ᠰᠠᠨᠠᠭ᠎ᠠ ᠪᠠᠨ ᠪᠠᠷᠢᠮᠲᠠᠯᠠᠵᠤ᠂ | ᠠᠭᠠᠷ ᠠᠶᠠᠯᠠᠯ ᠤᠨ ᠪᠣᠭᠤᠮᠲᠠ ᠶᠢᠨ ᠨᠡᠭᠡᠭᠡᠯᠲᠡ ᠬᠢᠵᠦ ᠰᠢᠯᠭᠠᠨ ᠠᠪᠬᠤ ᠪᠠᠷ ᠬᠥᠭᠵᠢᠯᠲᠡ ᠶᠢᠨ ᠠᠵᠠ ᠲᠣᠬᠢᠶᠠᠯ ᠪᠣᠯᠭᠠᠵᠤ᠂ | ᠨᠠᠩ ᠰᠢᠯᠢᠳᠡᠭ ᠦᠢᠯᠡᠴᠢᠯᠡᠭᠡ ᠪᠠ ᠨᠠᠩ ᠳᠥᠭᠦᠮ ᠳᠥᠲᠡ ᠠᠭᠠᠷ ᠠᠶᠠᠯᠠᠯ ᠤᠨ ᠱᠤᠭᠤᠮ ᠤᠨ ᠲᠣᠣᠷ ᠢ ᠲᠠᠰᠤᠷᠠᠯᠲᠠ ᠦᠭᠡᠢ | ᠪᠠᠶᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠰᠢᠨ᠎ᠡ ᠥᠨᠳᠥᠷ ᠲᠤ ᠣᠷᠣᠬᠤ ᠳᠤ ᠬᠦᠴᠦᠨ ᠨᠡᠮᠡᠷᠢᠯᠡᠨ᠎ᠡ︾ ᠭᠡᠵᠦ | ᠬᠡᠯᠡᠪᠡ᠃ | 14 ᠵᠢᠯ ᠤᠨ ᠬᠤᠭᠤᠴᠠᠭᠠᠨ ᠳᠤ᠂ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ 2010 ᠣᠨ ᠳᠤ 4.7 | ᠲᠦᠮᠡᠨ ᠬᠥᠮᠦᠨ ᠤᠳᠠᠭ᠎ᠠ ᠠᠴᠠ 2015 ᠣᠨ ᠪᠣᠯᠲᠠᠯ᠎ᠠ 10 ᠲᠦᠮᠡᠨ ᠬᠥᠮᠦᠨ ᠤᠳᠠᠭ᠎ᠠ ᠶᠢ ᠳᠠᠪᠠᠵᠤ᠂ 2018 | ᠣᠨ ᠳᠤ 20 ᠲᠦᠮᠡᠨ ᠬᠥᠮᠦᠨ ᠤᠳᠠᠭ᠎ᠠ ᠶᠢ ᠳᠠᠪᠠᠵᠤ᠂ ᠡᠨᠡ ᠵᠢᠯ 30 ᠲᠦᠮᠡᠨ ᠬᠥᠮᠦᠨ ᠤᠳᠠᠭ᠎ᠠ ᠶᠢᠨ ᠲᠡᠦᠬᠡᠲᠦ | ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ᠃ ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠨᠢ ᠠᠭᠠᠷ ᠤᠨ | ᠱᠤᠭᠤᠮ ᠤᠨ ᠡᠵᠡᠩᠨᠡᠯᠲᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠰᠬᠡᠯ ᠤᠨ ᠪᠠᠭᠤᠳᠠᠯ ᠤᠨ | ᠭᠠᠳᠠᠭᠰᠢ ᠨᠡᠭᠡᠭᠡᠯᠲᠡ ᠬᠢᠬᠦ ᠴᠣᠩᠬᠤᠨ ᠤ ᠳᠦᠷᠢ ᠲᠥᠷᠬᠦ ᠶᠢ ᠭᠦᠢᠴᠡᠳ ᠪᠠᠳᠠᠷᠠᠭᠤᠯᠵᠤ᠂ ᠪᠣᠭᠤᠮᠲᠠ ᠬᠤᠲᠠ ᠶᠢᠨ ᠳᠡᠯᠡᠬᠡᠢ | ᠳ᠋ᠠᠬᠢᠨ ᠢ ᠬᠤᠯᠪᠣᠭᠰᠠᠨ ᠠᠭᠠᠷ ᠤᠨ ᠬᠥᠭᠦᠷᠭᠡ ᠶᠢ ᠪᠣᠰᠬᠠᠭᠰᠠᠨ ᠪᠠᠶᠢᠨ᠎ᠠ᠃ |