| | ᠬᠤᠲᠠ ᠶᠢᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ | ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠤᠳᠠᠯ ᠥᠬᠡᠶ | ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ︽ᠰᠡᠩᠬᠡᠷᠡᠭᠦᠯᠦᠯ | ᠦᠵᠡᠰᠬᠦᠯᠡᠩ ᠤᠨ ᠰᠢᠨ᠎ᠡ ᠬᠠᠭᠤᠳᠠᠰᠤ ᠶᠢ ᠪᠢᠴᠢᠭᠯᠡᠨ ᠡᠷᠡᠯᠬᠡᠭᠯᠡᠨ ᠤᠷᠤᠭᠰᠢᠯᠠᠬᠤ ᠢᠷᠠᠭᠤ ᠬᠠᠭᠤᠳᠠᠰᠤ︾ ᠶᠢᠨ | ᠲᠤᠰᠬᠠᠶ ᠪᠤᠯᠤᠩ ᠭᠠᠷᠭᠠᠵᠤ᠂ ᠮᠠᠨ ᠤ ᠬᠤᠲᠠ ᠶᠢᠨ 2024 ᠣᠨ ᠠᠴᠠ ᠨᠠᠰᠢᠬᠢ ᠠᠵᠤ ᠠᠬᠤᠶ᠂ ᠨᠡᠶᠢᠭᠡᠮ᠂ | ᠠᠷᠠᠳ ᠤᠨ ᠠᠮᠢᠳᠤᠷᠠᠯ ᠵᠡᠷᠭᠡ ᠣᠯᠠᠨ ᠬᠦᠷᠢᠶᠡᠨ ᠳᠠᠬᠢ ᠭᠠᠷᠮᠠᠭᠠᠶ ᠬᠥᠭᠵᠢᠯᠲᠡ ᠶᠢᠨ ᠠᠮᠵᠢᠯᠲᠠ ᠪᠦᠲᠦᠮᠵᠢ ᠶᠢ | ᠰᠢᠷᠢᠰ ᠮᠡᠳᠡᠭᠡᠯᠡᠯ ᠥᠷᠨᠢᠭᠦᠯᠵᠦ᠂ ᠠᠩᠬᠠᠷᠤᠯ ᠳᠠᠭᠠᠨ ᠠᠪᠤᠭᠠᠷᠠᠢ᠃ | ᠡᠨᠡ ᠵᠢᠯ ᠠᠴᠠ ᠨᠠᠰᠢ᠂ ᠮᠠᠨ ᠤ ᠬᠤᠲᠠ ᠪᠣᠭᠤᠮᠲᠠ᠂ ᠠᠮᠢ ᠠᠬᠤᠶ᠂ ᠠᠵᠤ ᠦᠢᠯᠡᠰ ᠤᠨ ᠭᠤᠷᠪᠠᠨ | ᠲᠥᠷᠥᠯ ᠤᠨ ᠡᠬᠢ ᠪᠠᠶᠠᠯᠢᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠲᠠᠪᠴᠠᠩ ᠢ ᠢᠳᠡᠪᠬᠢᠲᠡᠶ ᠪᠠᠶᠢᠭᠤᠯᠵᠤ᠂ | ᠣᠷᠣᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ | ᠪᠦᠲᠦᠭᠡᠯ ᠤᠨ ᠨᠠᠩ ᠣᠯᠠᠨ ᠮᠠᠯᠴᠢᠨ ᠲᠠᠷᠢᠶᠠᠴᠢᠨ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠪᠠ᠃ ᠡᠨᠡ ᠵᠢᠯ ᠤᠨ | ᠲᠦᠷᠦᠭᠦᠤ 11 ᠰᠠᠷ᠎ᠠ ᠳᠤ᠂ ᠪᠥᠬᠦ ᠬᠤᠲᠠ ᠶᠢᠨ 5 ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ | 586.39 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11. 6% ᠪᠠᠷ ᠨᠡᠮᠡᠭᠳᠡᠪᠡ᠃ | ᠡᠨᠡ ᠵᠢᠯ ᠤᠨ 4 ᠳ᠋ᠦ᠋ᠭᠡᠷ ᠰᠠᠷ᠎ᠠ ᠳᠤ ᠠᠰᠢᠭᠯᠠᠯᠲᠠ ᠳᠤ ᠣᠷᠣᠭᠤᠯᠤᠭᠰᠠᠨ ᠪᠧᠨ ᠪᠧᠨ ᠰᠢᠯᠢᠳᠡᠭ ᠰᠠᠶᠢᠨ | ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠮᠥᠷ ᠮᠥᠷ ᠪᠠᠷᠢᠮᠵᠢᠶᠠᠯᠠᠭᠰᠠᠨ ᠦᠬᠡᠷ ᠤᠨ ᠬᠠᠰᠢᠶ᠎ᠠ | ᠰᠠᠷᠠᠪᠴᠢ ᠶᠢ ᠲᠡᠷᠢ ᠲᠡᠭᠰᠢ ᠵᠢᠭᠰᠠᠭᠠᠵᠤ᠂ ᠨᠢᠭᠡ ᠲᠠᠯ᠎ᠠ ᠨᠢ ᠠᠩᠭᠧᠰ ᠦᠬᠡᠷ ᠤᠨ ᠲᠠᠷᠭᠤ ᠬᠦᠴᠦ ᠰᠠᠶᠢᠨ ᠪᠠᠶᠢᠵᠤ᠂ | ᠣᠳᠣ ᠶᠠᠭ ᠡᠪᠡᠰᠦ ᠪᠣᠷᠳᠤᠭ᠎ᠠ ᠢᠳᠡᠵᠦ ᠪᠠᠶᠢᠨ᠎ᠠ᠃ ᠰᠠᠭᠤᠷᠢᠨ ᠭᠠᠵᠠᠷ ᠤᠨ ᠮᠡᠷᠭᠡᠵᠢᠯᠲᠡᠨ ᠤ | ᠲᠠᠨᠢᠯᠴᠠᠭᠤᠯᠤᠭᠰᠠᠨ ᠢᠶᠠᠷ᠂ ᠠᠩᠭᠧᠰ ᠦᠬᠡᠷ ᠤᠨ ᠬᠦᠨᠡᠰᠦᠨ ᠤ ᠪᠣᠷᠳᠤᠭ᠎ᠠ ᠶᠢ ᠴᠥᠮ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ ᠠᠳᠠᠯᠢᠳᠬᠠᠵᠤ᠂ ᠦᠬᠡᠷ ᠢ ᠲᠦᠷᠭᠡᠨ ᠨᠡᠮᠡᠭᠳᠡᠭᠦᠯᠵᠦ᠂ ᠶᠠᠰᠤ ᠴᠢᠨᠠᠷ ᠢᠶᠠᠷ ᠰᠠᠶᠢᠨ ᠪᠣᠯᠭᠠᠵᠠᠢ᠃ | ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ︽ | ᠭᠠᠴᠠᠭᠠᠨ ᠤ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠬᠠᠮᠲᠤ ᠨᠡᠶᠢᠲᠡ ᠠᠴᠠ ᠠᠰᠢᠭ | ᠬᠦᠷᠲᠡᠬᠦ︾ ᠬᠥᠭᠵᠢᠯᠲᠡ ᠶᠢᠨ ᠵᠠᠭᠪᠤᠷ ᠢ ᠬᠡᠷᠡᠭᠯᠡᠵᠦ᠂ ᠥᠮᠴᠢᠯᠡᠬᠦ ᠡᠷᠬᠡ ᠨᠢ ᠡᠷᠳᠡᠨᠢᠭᠤᠪᠢ ᠭᠠᠴᠠᠭᠠᠨ ᠤ ᠬᠤᠪᠢ | ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠳᠤ ᠥᠮᠴᠢᠯᠡᠭᠳᠡᠵᠦ᠂ ᠠᠵᠤ ᠠᠬᠤᠶᠢᠯᠠᠯ ᠲᠠᠯᠠᠪᠤᠷ ᠲᠦᠷᠢᠶᠡᠰᠦᠯᠡᠨ | ᠬᠡᠷᠡᠭᠯᠡᠬᠦ ᠶᠢᠨ ᠬᠠᠮᠲᠤ ᠭᠠᠴᠠᠭᠠᠨ ᠤ ᠬᠠᠮᠲᠤ ᠨᠡᠶᠢᠲᠡ ᠶᠢᠨ ᠲᠦᠷᠢᠶᠡᠰᠦᠨ ᠮᠥᠩᠭᠦ ᠪᠠᠨ ᠲᠤᠰᠢᠶᠠᠵᠤ᠂ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠡᠭᠦᠳᠪᠡ᠃ | ᠮᠠᠨ ᠤ ᠬᠤᠲᠠ ᠪᠣᠭᠤᠮᠲᠠ ᠶᠢᠨ ᠡᠬᠢ ᠪᠠᠶᠠᠯᠢᠭ ᠲᠤ ᠲᠦᠰᠢᠭᠯᠡᠨ᠂ ︽ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠭᠠᠴᠠᠭᠠᠨ ᠤ ᠨᠠᠮ ᠤᠨ ᠡᠭᠦᠷ ᠤᠨ ᠬᠠᠪᠰᠤᠷᠤᠯᠴᠠᠬᠤ ᠳᠤᠭᠤᠶᠢᠯᠠᠩ︾ ᠤᠨ ᠵᠠᠭᠪᠤᠷ ᠢ ᠬᠡᠷᠡᠭᠵᠢᠭᠦᠯᠵᠦ᠂ | ᠭᠠᠴᠠᠭᠠᠨ ᠤ ᠨᠠᠮ ᠤᠨ ᠡᠭᠦᠷ ᠲᠦᠷᠦᠭᠦᠯᠡᠨ ᠬᠠᠪᠰᠤᠷᠤᠯᠴᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠬ᠎ᠠ ᠶᠢᠨ | ᠠᠷᠠᠯᠵᠢᠶ᠎ᠠ ᠪᠠ ᠪᠣᠳᠠᠲᠠᠶᠢᠵᠢᠭᠤᠯᠤᠨ ᠡᠳ᠋ᠰᠢᠭᠦᠯᠬᠦ ᠲᠤᠬᠠᠶᠢᠯᠠᠭᠰᠠᠨ ᠠᠵᠢᠯ ᠳᠤ ᠭᠦᠨᠵᠡᠭᠡᠶ ᠣᠷᠣᠯᠴᠠᠵᠤ᠂ ᠮᠠᠯᠴᠢᠨ | ᠲᠠᠷᠢᠶᠠᠴᠢᠨ ᠳᠤ ᠪᠣᠭᠤᠮᠲᠠ ᠶᠢᠨ ᠬᠥᠭᠵᠢᠯᠲᠡ ᠶᠢᠨ ᠠᠰᠢᠭ ᠢ ᠭᠦᠢᠴᠡᠳ ᠡᠳ᠋ᠯᠡᠭᠦᠯᠪᠡ᠃ ︽ᠠᠮᠢ ᠠᠬᠤᠶ ᠶᠢᠨ | ᠲᠥᠷᠥᠯ ᠵᠦᠢᠯ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠭᠠᠴᠠᠭᠠᠨ ᠤ ᠬᠠᠮᠲᠤ ᠶᠢᠨ ᠮᠠᠯᠴᠢᠨ | ᠲᠠᠷᠢᠶᠠᠴᠢᠨ︾ ᠤ ᠵᠠᠭᠪᠤᠷ ᠢ ᠬᠡᠷᠡᠭᠯᠡᠨ᠂ ᠬᠠᠮᠲᠤ ᠶᠢᠨ ᠬᠠᠳᠤᠯᠠᠩ ᠪᠡᠯᠴᠢᠭᠡᠷ ᠤᠨ ᠡᠯᠡᠰᠦᠷᠬᠡᠭᠵᠢᠯ ᠢ ᠰᠡᠷᠭᠡᠶᠢᠯᠡᠨ | ᠵᠠᠰᠠᠬᠤ ᠪᠠ ᠰᠠᠯᠬᠢ ᠭᠡᠷᠡᠯ ᠢᠶᠠᠷ ᠡᠯᠡᠰᠦ ᠶᠢ ᠵᠠᠰᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠲᠥᠷᠥᠯ | ᠵᠦᠢᠯ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ | ᠠᠷᠭ᠎ᠠ ᠮᠠᠶ᠋ᠢᠭ ᠢᠶᠠᠷ ᠣᠷᠣᠯᠴᠠᠬᠤ ᠶᠢ ᠵᠣᠷᠢᠭᠵᠢᠭᠤᠯᠤᠨ᠂ ᠡᠯ᠎ᠡ ᠭᠠᠴᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ | ᠬᠦᠷᠢᠶ᠎ᠡ ᠬᠠᠰᠢᠶ᠎ᠠ ᠶᠢ ᠪᠢᠲᠡᠭᠦᠮᠵᠢᠯᠡᠨ ᠣᠶᠢᠵᠢᠭᠤᠯᠬᠤ ᠪᠠ ᠬᠠᠮᠢᠶᠠᠷᠴᠤ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠵᠤ | ᠂ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠶ ᠣᠷᠣᠯᠭ᠎ᠠ ᠪᠠ ᠭᠠᠴᠠᠭᠠᠨ ᠤ ᠬᠠᠮᠲᠤ ᠶᠢᠨ ᠣᠷᠣᠯᠭ᠎ᠠ ᠶᠢ | ᠨᠡᠮᠡᠭᠳᠡᠭᠦᠯᠪᠡ᠃ ᠡᠭᠦᠨ ᠤ ᠬᠠᠮᠲᠤ᠂ ᠠᠵᠤ ᠦᠢᠯᠡᠰ ᠤᠨ ᠲᠥᠷᠥᠯ ᠵᠦᠢᠯ ᠤᠨ ᠭᠠᠴᠠᠭᠠᠨ ᠤ ᠬᠠᠮᠲᠤ ᠶᠢᠨ ᠠᠵᠤ | ᠠᠬᠤᠶ ᠳᠠᠬᠢ ᠲᠤᠯᠭᠠᠭᠤᠷᠢᠯᠠᠨ ᠳᠠᠶᠢᠴᠢᠯᠠᠬᠤ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠰᠢᠨ᠎ᠡ ᠬᠡᠯᠪᠡᠷᠢ ᠶᠢᠨ | ᠬᠦᠯᠡᠮᠵᠢ ᠶᠢᠨ ᠰᠠᠭᠤᠷᠢᠨ ᠭᠠᠵᠠᠷ᠂ ︽ᠲᠡᠮᠡᠭᠡᠲᠦ ᠮᠧᠩ ᠰᠦ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ | ᠂ ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠲᠥᠷᠥᠯ | ᠵᠦᠢᠯ ᠢ ᠬᠡᠷᠡᠭᠵᠢᠭᠦᠯᠵᠦ᠂ ᠭᠠᠴᠠᠭᠠᠨ ᠤ ᠠᠮᠢᠳᠤ ᠮᠠᠯ ᠢ ᠠᠷᠠᠯᠵᠢᠶᠠᠯᠠᠵᠤ ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠂ | ᠭᠠᠴᠠᠭᠠᠨ ᠤ ᠪᠣᠬᠢᠷᠲᠤᠯ ᠥᠬᠡᠶ ᠴᠠᠬᠢᠯᠭᠠᠨ ᠤ ᠲᠥᠷᠥᠯ ᠵᠦᠢᠯ ᠳᠤ ᠬᠤᠪᠢ ᠣᠷᠣᠬᠤ ᠶᠢ ᠠᠬᠢᠭᠤᠯᠵᠤ᠂ ᠠᠷᠭ᠎ᠠ | ᠪᠦᠬᠦᠨ ᠢ ᠰᠦᠪᠡᠭᠴᠢᠯᠡᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠪᠡ᠃ | ᠬᠤᠲᠠ ᠶᠢᠨ ᠭᠡᠷᠡᠯᠳᠦᠠᠣᠳᠦ ᠰᠤᠮᠤᠨ ᠤ ᠨᠠᠮ ᠤᠨ ᠬᠤᠷᠢᠶᠠᠨ ᠤ ᠱᠦᠵᠢ ᠭᠧᠩ ᠭᠠᠩ ᠴᠢᠶᠠᠩ᠄ ︽2024 | ᠣᠨ ᠳᠤ ᠪᠥᠬᠦ ᠬᠤᠲᠠ ᠶᠢᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 700 ᠲᠦᠮᠡᠨ ᠲᠥᠭᠦᠷᠢᠭ ᠢ | ᠳᠠᠪᠠᠵᠤ᠂ 5 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠴᠥᠮ 70 ᠲᠦᠮᠡᠨ ᠲᠥᠭᠦᠷᠢᠭ ᠢ ᠳᠠᠪᠠᠨ᠎ᠠ | ᠂ ᠡᠭᠦᠨ ᠳᠤ 4 ᠭᠠᠴᠠᠭ᠎ᠠ ᠵᠠᠭᠤᠨ ᠲᠦᠮᠡᠨ ᠲᠥᠭᠦᠷᠢᠭ ᠢ ᠳᠠᠪᠠᠨ᠎ᠠ᠃ ᠲᠠᠷᠠᠭᠠᠴᠢ ᠶᠢᠨ ᠠᠯᠬᠤᠮ ᠳᠤ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠷᠰᠢᠯᠲᠠ ᠶᠢᠨ ᠴᠡᠭ ᠤᠨ ᠠᠵᠢᠯ ᠲᠠᠢ ᠤᠶᠠᠯᠳᠤᠭᠤᠯᠤᠨ᠂ ᠬᠠᠭᠠᠰ ᠬᠠᠰᠢᠶᠠᠯᠠᠨ | ᠲᠡᠵᠢᠭᠡᠬᠦ᠂ ᠬᠠᠰᠢᠶᠠᠯᠠᠨ ᠲᠡᠵᠢᠭᠡᠬᠦ ᠪᠥᠲᠥᠭᠡᠨ ᠪᠠᠶᠢᠭᠤᠯᠤᠯᠲᠠ ᠶᠢ ᠬᠥᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠺᠣᠮᠫᠠᠨᠢᠵᠢᠭᠤᠯᠤᠭᠰᠠᠨ ᠡᠵᠡᠩᠨᠡᠯᠲᠡ ᠶᠢ ᠬᠠᠶᠢᠨ ᠰᠦᠪᠡᠭᠴᠢᠯᠡᠵᠦ᠂ ᠭᠠᠴᠠᠭᠠᠨ ᠤ ᠬᠠᠮᠲᠤ ᠶᠢᠨ ᠪᠠᠯᠠ | ᠮᠥᠩᠭᠦ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠨ᠎ᠡ︾ ᠭᠡᠪᠡ᠃ |