| | 12 ᠰᠠᠷ᠎ᠠ ᠶᠢᠨ 14 ᠤ ᠡᠳᠦᠷ᠂ G54220 ᠡᠭᠡᠯᠵᠢ ᠶᠢᠨ ᠨᠢᠰᠭᠡᠯ ᠨᠢᠰᠬᠦ ᠶᠢ ᠳᠠᠭᠠᠯᠳᠤᠨ᠂ ᠡᠷᠢᠶᠡᠨ | ᠬᠤᠲᠠ ᠶᠢᠨ ᠰᠠᠶᠢᠬᠤᠰᠦ ᠨᠢᠰᠭᠡᠯ ᠤᠨ ᠪᠠᠭᠤᠳᠠᠯ ᠲᠡᠦᠬᠡᠲᠦ ᠴᠢᠨᠠᠷᠲᠠᠢ ᠨᠢᠭᠡ ᠮᠥᠴᠡ - ᠠᠶᠠᠨᠴᠢᠳ ᠤᠨ ᠵᠣᠷᠴᠢᠬᠤ | ᠬᠡᠮᠵᠢᠶ᠎ᠡ ᠨᠢ ᠠᠩᠬ᠎ᠠ ᠤᠳᠠᠭ᠎ᠠ 30 ᠲᠦᠮᠡᠨ ᠬᠥᠮᠦᠨ ᠤᠳᠠᠭ᠎ᠠ ᠶᠢᠨ ᠪᠣᠭᠤᠮᠲᠠ ᠶᠢ ᠳᠠᠪᠠᠵᠤ᠂ 2010 ᠣᠨ ᠳᠤ | ᠠᠶᠠᠯᠠᠯ ᠨᠡᠪᠲᠡᠷᠡᠭᠰᠡᠨ ᠠᠴᠠ ᠨᠠᠰᠢ ᠲᠡᠦᠬᠡ ᠶᠢᠨ ᠬᠠᠮᠤᠭ ᠥᠨᠳᠥᠷ ᠲᠡᠮᠳᠡᠭᠯᠡᠯ ᠢ ᠰᠢᠨᠡᠳᠬᠡᠪᠡ᠃ | ᠣᠳᠣᠬᠠᠨ ᠳᠤ᠂ ᠡᠷᠢᠶᠡᠨ ᠬᠤᠲᠠ ᠶᠢᠨ ᠰᠠᠯᠪᠤᠷᠢ ᠠᠶᠠᠯᠠᠯ ᠤᠨ ᠱᠤᠭᠤᠮ ᠨᠢ ᠨᠢᠭᠡᠨᠲᠡ ᠣᠷᠣᠨ ᠤ ᠳᠣᠲᠣᠷᠠᠬᠢ | ᠲᠦᠩᠯᠢᠶᠣᠤ᠂ ᠤᠯᠠᠭᠠᠨᠬᠠᠳᠠ᠂ ᠰᠢᠯᠢᠩᠬᠤᠲᠠ᠂ ᠤᠯᠠᠭᠠᠨᠬᠤᠲᠠ᠂ ᠣᠷᠳᠣᠰ ᠵᠡᠷᠭᠡ 5 ᠬᠤᠲᠠ ᠶᠢ ᠬᠠᠮᠤᠷᠴᠤ᠂ | ᠣᠷᠣᠨ ᠨᠤᠲᠤᠭ ᠤᠨ ᠠᠭᠠᠷ ᠤᠨ ᠠᠶᠠᠯᠠᠯ ᠨᠡᠪᠲᠡᠷᠡᠬᠦ ᠴᠢᠳᠠᠪᠤᠷᠢ ᠶᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ | ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠮᠥᠷᠲᠡᠭᠡᠨ ᠪᠠᠰᠠ ᠣᠯᠠᠨ ᠲᠦᠮᠡᠨ ᠳᠤ ᠨᠠᠩ | ᠳᠥᠭᠦᠮ ᠳᠥᠲᠡ᠂ ᠥᠨᠳᠥᠷ ᠪᠦᠲᠦᠮᠵᠢᠲᠡᠶ ᠶᠠᠪᠤᠵᠤ ᠰᠠᠭᠤᠬᠤ ᠣᠶᠢᠯᠠᠭᠠᠯᠲᠠ ᠬᠠᠩᠭᠠᠵᠤ᠂ ᠠᠭᠠᠷ ᠠᠶᠠᠯᠠᠯ ᠢᠶᠠᠷ | ᠭᠠᠳᠠᠭᠰᠢ ᠭᠠᠷᠬᠤ ᠶᠢ ᠨᠠᠩ ᠳᠣᠲᠣᠨᠣ᠂ ᠪᠣᠳᠠᠲᠤ ᠠᠰᠢᠭ ᠬᠦᠷᠲᠡᠭᠡᠬᠦ ᠰᠣᠩᠭᠤᠯᠲᠠ ᠪᠣᠯᠭᠠᠭᠰᠠᠨ ᠪᠠᠶᠢᠨ᠎ᠠ᠃ | ᠠᠶᠠᠨᠴᠢᠳ ᠮᠠ ᠬᠤᠸᠠ ᠸᠧᠶ᠄ ︽ᠥᠨᠥᠳᠥᠷ ᠪᠢ ᠨᠢᠰᠬᠡᠯ ᠢᠶᠠᠷ ᠤᠯᠠᠭᠠᠨᠬᠠᠳᠠ ᠳᠤ ᠣᠴᠢᠨ᠎ᠠ᠃ | ᠡᠷᠢᠶᠡᠨ ᠠᠴᠠ ᠣᠶᠢᠷ᠎ᠠ ᠣᠷᠴᠢᠮ ᠤᠨ ᠬᠤᠲᠠ ᠳᠤ ᠣᠷᠣᠬᠤ ᠳᠤ ᠠᠮᠠᠷᠬᠠᠨ᠂ ᠲᠡᠷᠭᠡ ᠵᠢᠯᠣᠭᠤᠳᠬᠤ ᠳᠤ ᠬᠡᠳᠦᠨ | ᠴᠠᠭ ᠬᠡᠷᠡᠭᠰᠡᠨ᠎ᠡ᠃ ᠨᠢᠰᠬᠡᠯ ᠳᠤ ᠰᠠᠭᠤᠵᠤ ᠭᠠᠳᠠᠭᠰᠢ ᠭᠠᠷᠬᠤ ᠨᠢ ᠮᠠᠨ ᠤ ᠠᠷᠠᠳ ᠢᠷᠭᠡᠳ ᠲᠤ ᠮᠠᠰᠢ ᠠᠰᠢᠭ | ᠬᠦᠷᠲᠡᠭᠡᠵᠦ᠂ ᠳᠥᠭᠦᠮ ᠮᠥᠷᠲᠡᠭᠡᠨ ᠠᠮᠤᠷ ᠲᠦᠪᠰᠢᠨ᠂ ᠶᠡᠭᠡ ᠬᠡᠮᠵᠢᠶᠡᠨ ᠤ ᠴᠠᠭ ᠢ ᠠᠷᠪᠢᠯᠠᠨ᠎ᠠ︾ ᠭᠡᠵᠦ ᠬᠡᠯᠡᠪᠡ᠃ | | ︽ᠬᠤᠲᠠ ᠶᠢᠨ ᠨᠢᠰᠭᠡᠯ ᠤᠨ ᠪᠠᠭᠤᠳᠠᠯ︾ ᠠᠴᠠ ︽ᠨᠢᠰᠭᠡᠯ ᠤᠨ ᠪᠠᠭᠤᠳᠠᠯ ᠤᠨ ᠬᠤᠲᠠ︾ ᠳᠤ ᠠᠯᠬᠤᠨ | ᠣᠷᠣᠪᠠ᠂ ᠡᠷᠢᠶᠡᠨ ᠬᠤᠲᠠ ᠶᠢᠨ ᠨᠢᠰᠭᠡᠯ ᠤᠨ ᠪᠠᠭᠤᠳᠠᠯ ᠨᠢ ᠬᠠᠮᠤᠭ ᠡᠬᠢᠨ ᠳᠤ ᠪᠡᠭᠡᠵᠢᠩ᠂ ᠬᠥᠬᠡᠬᠤᠲᠠ ᠬᠤᠶᠠᠷ | ᠵᠤᠷᠪᠤᠰ ᠠᠭᠠᠷ ᠤᠨ ᠠᠶᠠᠯᠠᠯ ᠤᠨ ᠱᠤᠭᠤᠮ ᠢᠶᠠᠷ ᠨᠡᠪᠳᠡᠷᠡᠭᠰᠡᠨ ᠠᠴᠠ ᠣᠳᠣ ᠤᠯᠤᠰ ᠤᠨ ᠳᠣᠲᠣᠭᠠᠳᠤ ᠶᠢᠨ | ᠳᠣᠯᠣᠭᠠᠨ ᠶᠡᠭᠡ ᠬᠤᠲᠠ ᠳᠤ ᠥᠷᠭᠡᠨ ᠢᠶᠠᠷ ᠬᠤᠯᠪᠣᠯᠳᠤᠭᠰᠠᠨ ᠵᠢᠴᠢ ᠠᠭᠠᠷ ᠤᠨ ᠠᠶᠠᠯᠠᠯ ᠤᠨ ᠪᠣᠭᠤᠮᠲᠠ ᠶᠢ ᠲᠦᠷ | ᠴᠠᠭ ᠨᠡᠭᠡᠭᠡᠬᠦ ᠬᠤᠭᠤᠴᠠᠭᠠᠨ ᠳᠤ ᠤᠯᠠᠭᠠᠨᠪᠠᠭᠠᠲᠤᠷ᠂ ᠢᠷᠺᠦᠼᠡᠺ᠂ ᠣᠯᠠᠭᠠᠠᠦ᠋ᠳᠡ ᠳᠤ ᠵᠡᠷᠭᠡ ᠣᠯᠠᠨ ᠤᠯᠤᠰ ᠤᠨ | ᠬᠤᠲᠠ ᠳᠤ ᠠᠮᠵᠢᠯᠲᠠ ᠲᠠᠢ ᠨᠡᠪᠲᠡᠷᠡᠵᠦ᠂ ᠲᠡᠣᠬᠡᠨ ᠦᠭᠡᠢ ᠦᠰᠦᠷᠦᠯᠲᠡ ᠶᠢ ᠪᠡᠶᠡᠯᠡᠭᠦᠯᠪᠡ᠃ | ᠡᠨᠡ 14 ᠵᠢᠯ ᠤᠨ ᠬᠤᠭᠤᠴᠠᠭᠠᠨ ᠳᠤ᠂ ᠡᠷᠢᠶᠡᠨ ᠬᠤᠲᠠ ᠠᠭᠠᠷ ᠤᠨ ᠠᠶᠠᠯᠠᠯ ᠤᠨ ᠱᠤᠭᠤᠮ ᠤᠨ | ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 6 ᠳ᠋ᠦᠩᠰᠢᠭᠤᠷ ᠲᠥᠭᠦᠷᠢᠭ ᠣᠷᠣᠭᠤᠯᠵᠤ᠂ ᠨᠢᠰᠬᠡᠯ ᠤᠨ ᠪᠠᠭᠤᠳᠠᠯ ᠤᠨ | ᠠᠭᠠᠷ ᠤᠨ ᠱᠤᠭᠤᠮ ᠤᠨ ᠲᠣᠭᠲᠠᠭᠤᠨ ᠢᠶᠠᠷ ᠠᠵᠢᠯᠯᠠᠬᠤ ᠶᠢ ᠪᠠᠳᠣᠯᠠᠭᠰᠠᠨ ᠶᠤᠮ᠂ ᠡᠭᠦᠨ ᠤ ᠬᠠᠮᠲᠤ ᠠᠶᠠᠨᠴᠢᠳ ᠤᠨ | ᠨᠢᠰᠬᠡᠯ ᠤᠨ ᠪᠢᠯᠧᠲ ᠤᠨ ᠦᠨ᠎ᠡ ᠳᠤ ᠨᠥᠬᠦᠪᠥᠷᠢ ᠥᠭᠴᠦ᠂ ᠣᠯᠠᠨ ᠲᠦᠮᠡᠨ ᠢ ︽ᠨᠢᠰᠬᠡᠯ ᠳᠤ ᠰᠠᠭᠤᠵᠤ ᠳᠡᠶᠢᠯᠬᠦ︾ | ᠨᠠᠩ ᠰᠠᠶᠢᠨ ᠰᠠᠶᠢᠬᠠᠨ ᠬᠦᠰᠡᠯ ᠡᠷᠡᠮᠡᠯᠵᠡᠯ ᠢ ᠦᠨᠡᠨ ᠬᠦ ᠪᠡᠶᠡᠯᠡᠭᠦᠯᠪᠡ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2010 ᠣᠨ ᠳᠤ ᠠᠶᠠᠯᠠᠯ ᠨᠡᠪᠲᠡᠷᠡᠬᠦ ᠦᠶ᠎ᠡ ᠳᠤ᠂ ᠡᠷᠢᠶᠡᠨ | ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠤᠨ ᠲᠤᠬᠠᠢ ᠶᠢᠨ ᠵᠢᠯ ᠤᠨ ᠠᠶᠠᠨᠴᠢᠳ ᠤᠨ ᠵᠣᠷᠴᠢᠭᠰᠠᠨ ᠬᠡᠮᠵᠢᠶ᠎ᠡ | 4.7 ᠲᠦᠮᠡᠨ ᠬᠥᠮᠥᠨ ᠪᠠᠶᠢᠵᠤ᠂ ᠬᠥᠮᠥᠨ ᠳᠤᠮᠳᠠᠴᠢ ᠶᠢᠨ ᠨᠥᠬᠦᠪᠦᠷᠢ 482.4 ᠲᠥᠭᠦᠷᠢᠭ ᠪᠠᠶᠢᠪᠠ᠃ | 2024 ᠤᠨ ᠪᠣᠯᠬᠤ ᠳᠤ᠂ ᠡᠨᠡ ᠬᠦ ᠲᠤᠭ᠎ᠠ ᠪᠠᠷᠢᠮᠲᠠ ᠶᠢ ᠨᠢᠭᠡᠨᠲᠡ 30 ᠲᠦᠮᠡᠨ ᠬᠥᠮᠦᠨ ᠤᠳᠠᠭ᠎ᠠ ᠪᠣᠯᠭᠠᠨ | ᠳᠡᠭᠡᠭᠰᠢᠯᠡᠭᠦᠯᠵᠦ᠂ ᠬᠥᠮᠦᠨ ᠳᠤᠮᠳᠠᠴᠢ ᠶᠢᠨ ᠨᠥᠬᠦᠪᠥᠷᠢ ᠶᠢ 25. 8 ᠲᠥᠭᠦᠷᠢᠭ ᠪᠣᠯᠭᠠᠨ ᠪᠠᠭᠤᠷᠠᠭᠤᠯᠵᠤ᠂ | ᠠᠭᠠᠷ ᠤᠨ ᠠᠶᠠᠯᠠᠯ ᠤᠨ ᠨᠥᠬᠦᠪᠥᠷᠢ ᠶᠢᠨ ᠣᠷᠣᠭᠤᠯᠤᠯᠲᠠ ᠶᠢᠨ ᠬᠠᠷᠢᠴᠠᠯ ᠢ ᠳᠠᠬᠢᠨ ᠢᠶᠠᠷ ᠨᠡᠮᠡᠭᠳᠡᠭᠦᠯᠦᠨ᠎ᠡ᠃ | ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠨᠢ ᠪᠥᠬᠦ ᠣᠷᠣᠨ ᠤ ᠠᠩᠬᠠᠳᠠᠭᠴᠢ ᠨᠢᠰᠬᠡᠯ ᠰᠠᠭᠤᠬᠤ | ᠬᠠᠷᠢᠴᠠᠯ ᠨᠢ 1᠄ 4 ᠠᠴᠠ ᠳᠡᠭᠡᠭᠰᠢ ᠬᠢᠷᠢ ᠲᠦᠪᠰᠢᠨ ᠲᠠᠢ ᠨᠢᠰᠬᠡᠯ ᠤᠨ ᠪᠠᠭᠤᠳᠠᠯ ᠪᠣᠯᠤᠭᠰᠠᠨ ᠪᠠᠶᠢᠨ᠎ᠠ᠂ ᠡᠨᠡ ᠬᠦ | ᠬᠢᠷᠢ ᠪᠦᠲᠦᠮᠵᠢ ᠨᠢ ᠪᠥᠬᠦ ᠤᠯᠤᠰ ᠤᠨ ᠬᠡᠪᠴᠢᠶᠡᠨ ᠳᠤ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ | ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠤᠨ ᠳᠡᠳ᠋ ᠶᠡᠷᠦᠩᠬᠡᠢ ᠳᠠᠭᠠᠭᠠᠮᠠᠯ ᠵᠦ ᠱᠢ ᠵᠢᠶᠧ᠄ ︽ | ᠬᠤᠶᠢᠰᠢᠳᠠ ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠦᠷᠭᠦᠯᠵᠢᠯᠡᠨ ᠤᠭ ᠰᠠᠨᠠᠭ᠎ᠠ ᠪᠠᠨ | ᠪᠠᠷᠢᠮᠲᠠᠯᠠᠵᠤ᠂ ᠠᠭᠠᠷ ᠠᠶᠠᠯᠠᠯ ᠤᠨ ᠪᠣᠭᠤᠮᠲᠠ ᠶᠢᠨ ᠨᠡᠭᠡᠭᠡᠯᠲᠡ ᠬᠢᠵᠦ ᠰᠢᠯᠭᠠᠨ ᠠᠪᠬᠤ ᠪᠠᠷ ᠬᠥᠭᠵᠢᠯᠲᠡ ᠶᠢᠨ ᠠᠵᠠ | ᠲᠣᠬᠢᠶᠠᠯ ᠪᠣᠯᠭᠠᠵᠤ᠂ ᠨᠠᠩ ᠰᠢᠯᠢᠳᠡᠭ ᠦᠢᠯᠡᠴᠢᠯᠡᠭᠡ ᠪᠠ ᠨᠠᠩ ᠳᠥᠭᠦᠮ ᠳᠥᠲᠡ ᠠᠭᠠᠷ ᠠᠶᠠᠯᠠᠯ ᠤᠨ ᠱᠤᠭᠤᠮ ᠤᠨ | ᠲᠣᠣᠷ ᠢ ᠲᠠᠰᠤᠷᠠᠯᠲᠠ ᠦᠭᠡᠢ ᠪᠠᠶᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠰᠢᠨ᠎ᠡ ᠥᠨᠳᠥᠷ ᠲᠤ | ᠣᠷᠣᠬᠤ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃ | 14 ᠵᠢᠯ ᠤᠨ ᠬᠤᠭᠤᠴᠠᠭᠠᠨ ᠳᠤ᠂ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ 2010 ᠣᠨ ᠳᠤ | 4.7 ᠲᠦᠮᠡᠨ ᠬᠥᠮᠦᠨ ᠤᠳᠠᠭ᠎ᠠ ᠠᠴᠠ 2015 ᠣᠨ ᠪᠣᠯᠲᠠᠯ᠎ᠠ 10 ᠲᠦᠮᠡᠨ ᠬᠥᠮᠦᠨ ᠤᠳᠠᠭ᠎ᠠ ᠶᠢ ᠳᠠᠪᠠᠵᠤ᠂ | 2018 ᠣᠨ ᠳᠤ 20 ᠲᠦᠮᠡᠨ ᠬᠥᠮᠦᠨ ᠤᠳᠠᠭ᠎ᠠ ᠶᠢ ᠳᠠᠪᠠᠵᠤ᠂ ᠡᠨᠡ ᠵᠢᠯ 30 ᠲᠦᠮᠡᠨ ᠬᠥᠮᠦᠨ ᠤᠳᠠᠭ᠎ᠠ ᠶᠢᠨ | ᠲᠡᠦᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ᠃ ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ | ᠪᠠᠭᠤᠳᠠᠯ ᠨᠢ ᠠᠭᠠᠷ ᠤᠨ ᠱᠤᠭᠤᠮ ᠤᠨ ᠡᠵᠡᠩᠨᠡᠯᠲᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ | ᠂ ᠨᠢᠰᠬᠡᠯ ᠤᠨ ᠪᠠᠭᠤᠳᠠᠯ ᠤᠨ ᠭᠠᠳᠠᠭᠰᠢ ᠨᠡᠭᠡᠭᠡᠯᠲᠡ ᠬᠢᠬᠦ ᠴᠣᠩᠬᠤᠨ ᠤ ᠳᠦᠷᠢ ᠲᠥᠷᠬᠦ ᠶᠢ ᠭᠦᠢᠴᠡᠳ | ᠪᠠᠳᠠᠷᠠᠭᠤᠯᠵᠤ᠂ ᠪᠣᠭᠤᠮᠲᠠ ᠬᠤᠲᠠ ᠶᠢᠨ ᠳᠡᠯᠡᠬᠡᠢ ᠳ᠋ᠠᠬᠢᠨ ᠢ ᠬᠤᠯᠪᠣᠭᠰᠠᠨ ᠠᠭᠠᠷ ᠤᠨ ᠬᠥᠭᠦᠷᠭᠡ ᠶᠢ ᠪᠣᠰᠬᠠᠭᠰᠠᠨ | ᠪᠠᠶᠢᠨ᠎ᠠ᠃ |