| | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 13 ᠤ ᠴᠠᠭᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 13 ᠤ ᠦᠳᠡ ᠶᠢᠨ ᠬᠤᠶᠢᠨ᠎ᠠ ᠵᠥᠩ ᠨᠠᠨ ᠬᠠᠢ ᠶᠢᠨ ᠶᠢᠩᠲ᠋ᠠᠢ ᠳᠤ ᠪᠡᠭᠡᠵᠢᠩ ᠳᠤ | ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠵᠤ᠂ ᠰᠢᠶᠠᠩᠭᠠᠩ ᠤᠨ ᠣᠳᠣᠬᠠᠨ ᠤ ᠪᠠᠶᠢᠳᠠᠯ ᠪᠣᠯᠣᠨ | ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ | | | | | 12 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ | ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠯᠢ ᠰᠢᠣᠸᠡᠢ ᠷᠧᠨ ᠰᠡᠭᠦᠳᠡᠷᠯᠡᠪᠡ | | | ᠰᠢ ᠶᠢᠨ ᠫᠢᠩ᠂ ᠨᠢᠭᠡ ᠵᠢᠯ ᠤᠨ ᠲᠤᠷᠰᠢ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠣᠨᠴᠠᠭᠠᠢ ᠵᠠᠰᠠᠭ | ᠵᠠᠬᠢᠷᠭᠠᠨ ᠤ ᠣᠷᠣᠨ ᠤ ᠵᠠᠰᠠᠭ ᠤᠨ ᠣᠷᠳᠣᠨ ᠢ ᠳᠠᠭᠠᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠪᠣᠳᠠᠲᠠᠢ ᠶᠢ ᠡᠷᠬᠢᠮᠯᠡᠨ ᠤᠷᠤᠭᠰᠢᠯᠠᠨ ᠳᠠᠪᠰᠢᠵᠤ᠂ ᠦᠨᠳᠦᠰᠦ ᠪᠤᠯᠬᠤ ᠬᠠᠤᠯᠢ ᠶᠢᠨ 23 ᠳ᠋ᠤᠭᠠᠷ | ᠵᠦᠢᠯ ᠤᠨ ᠬᠠᠤᠯᠢ ᠲᠣᠭᠲᠠᠭᠠᠯᠲᠠ ᠶᠢ ᠲᠡᠦᠬᠡᠲᠦ ᠴᠢᠨᠠᠷᠲᠠᠢ ᠪᠡᠶᠡᠯᠡᠭᠦᠯᠵᠦ᠂ ᠤᠶᠤᠨ ᠤᠬᠠᠭᠠᠨ ᠢᠶᠠᠨ | ᠲᠥᠪᠯᠡᠷᠡᠭᠦᠯᠦᠨ ᠠᠵᠤ ᠠᠬᠤᠢ ᠶᠢ ᠬᠥᠭᠵᠢᠭᠦᠯᠵᠦ᠂ ᠬᠥᠭᠵᠢᠯᠲᠡ ᠶᠢ ᠡᠷᠢᠯᠬᠢᠯᠡᠵᠦ᠂ ᠣᠷᠣᠨ ᠰᠠᠭᠤᠴᠠ᠂ ᠡᠮ | ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ | ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠢ ᠳᠡᠭᠡᠷᠡᠬᠢ ᠨᠥᠯᠥᠭᠡᠯᠡᠬᠦ | ᠬᠦᠴᠦᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠢᠶᠠᠩᠭᠠᠩ ᠤᠨ ᠲᠣᠭᠲᠠᠭᠤᠨ ᠬᠥᠭᠵᠢᠯᠲᠡ ᠶᠢᠨ ᠰᠠᠶᠢᠨ | ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠲᠥᠪ ᠠᠴᠠ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ | ᠴᠤᠤ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ | ᠪᠠᠶᠢᠨ᠎ᠠ ᠭᠡᠵᠦ ᠢᠯᠡᠳᠬᠡᠪᠡ᠃ | | | 12 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠵᠥᠩ ᠨᠠᠨ ᠬᠠᠢ ᠳᠤ | ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠶ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠯᠢ ᠰᠢᠣᠸᠡᠢ ᠷᠧᠨ ᠰᠡᠭᠦᠳᠡᠷᠯᠡᠪᠡ | | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ | ᠪᠠᠶᠢᠷᠢᠯᠠᠭᠤᠯᠤᠯᠲᠠ ᠬᠢᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ | ᠳᠠᠪᠠᠭᠤᠯᠢᠭ ᠢ ᠪᠠᠳᠠᠷᠠᠭᠤᠯᠤᠨ᠎ᠠ ᠭᠡᠵᠦ ᠴᠢᠬᠤᠯᠠᠴᠢᠯᠠᠭᠰᠠᠨ ᠪᠣᠯᠬᠤᠷ ᠰᠢᠶᠠᠩᠭᠠᠩ ᠤᠨ ᠬᠥᠭᠵᠢᠯᠲᠡ ᠳᠤ ᠰᠢᠨ᠎ᠡ | ᠲᠡᠦᠬᠡ ᠶᠢᠨ ᠠᠵᠠ ᠲᠣᠭᠢᠶᠠᠯ ᠢ ᠠᠪᠴᠢᠷᠠᠪᠠ᠃ ᠲᠥᠪ ᠠᠴᠠ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠢ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ | ᠣᠷᠳᠣᠨ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠦᠨ ᠳᠠᠭᠠᠭᠤᠯᠵᠤ᠂ ᠵᠣᠷᠢᠭᠲᠠᠢ ᠪᠠᠷ | ᠥᠭᠡᠷᠡᠴᠢᠯᠡᠯᠲᠡ ᠬᠢᠵᠦ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠪᠠᠶᠢᠯᠳᠤᠬᠤ | ᠪᠣᠳᠣᠯᠭ᠎ᠠ ᠯᠤᠭ᠎ᠠ ᠢᠳᠡᠪᠬᠢᠲᠡᠢ ᠵᠣᠯᠭᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ | ᠰᠢᠨ᠎ᠡ ᠳᠠᠪᠠᠭᠤᠯᠢᠭ ᠢ ᠪᠤᠢ ᠪᠤᠯᠭᠠᠵᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤᠮᠳᠠ ᠰᠢᠶᠠᠩᠭᠠᠩ ᠤᠨ | ᠵᠠᠰᠠᠯᠲᠠ ᠠᠴᠠ ᠮᠠᠨᠳᠤᠯᠳᠠ ᠳᠤ ᠬᠦᠷᠬᠦ ᠶᠢ ᠠᠬᠢᠭᠤᠯᠵᠤ᠂ ᠰᠢᠶᠠᠩᠭᠠᠩ ᠤᠨ ᠬᠥᠭᠵᠢᠯ ᠴᠡᠴᠡᠭᠯᠡᠯ ᠲᠣᠭᠲᠠᠭᠤᠨ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠪᠦᠭᠦ ᠬᠦᠴᠦᠨ ᠢᠶᠠᠷ ᠳᠡᠮᠵᠢᠨ᠎ᠠ ᠭᠡᠵᠦ ᠵᠢᠭᠠᠵᠤ ᠭᠠᠷᠭᠠᠪᠠ᠃ | ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠱᠢ ᠲᠠᠢ ᠹᠧᠩ᠂ ᠴᠧᠨ ᠸᠧᠨ ᠴᠢᠩ᠂ ᠰᠢᠶᠠ ᠪᠦᠦ | ᠯᠦᠩ ᠨᠠᠷ ᠠᠭᠤᠯᠵᠠᠯᠲᠠ ᠳᠤ ᠣᠷᠣᠯᠴᠠᠵᠠᠢ᠃ |