ᠰᠢᠨᠬᠤᠸᠠ ᠬᠤᠷᠢᠶ᠎ᠠ ᠶᠢᠨ ᠰᠠᠨᠶᠠ ᠶᠢᠨ 12 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠷᠰᠢᠯᠲᠠ ᠶᠢᠨ ᠣᠷᠣᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ | ᠣᠷᠣᠨ᠂ ᠣᠯᠠᠨ ᠤᠯᠤᠰ ᠤᠨ ᠵᠢᠭᠤᠯᠴᠢᠯᠠᠯ ᠤᠨ ᠬᠡᠷᠡᠭᠯᠡᠭᠡ ᠶᠢᠨ ᠲᠥᠪ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠣᠷᠣᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠪᠣᠭᠤᠮᠲᠠ ᠪᠢᠲᠡᠭᠦᠮᠵᠢᠯᠡᠬᠦ ᠶᠢᠨ ᠡᠮᠦᠨ᠎ᠡ ᠬᠤᠶᠢᠨᠠᠬᠢ ᠥᠭᠡᠷᠡᠴᠢᠯᠡᠯᠲᠡ | ᠨᠡᠭᠡᠭᠡᠯᠲᠡ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠦᠷᠭᠦᠯᠵᠢᠯᠡᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠡᠮ ᠨᠡᠭᠡᠭᠡᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ | ᠮᠠᠨ ᠤ ᠤᠯᠤᠰ ᠤᠨ ᠰᠢᠨ᠎ᠡ ᠴᠠᠭ ᠦᠶ᠎ᠡ ᠶᠢᠨ ᠭᠠᠳᠠᠭᠠᠳᠤ ᠨᠡᠭᠡᠭᠡᠯᠲᠡ ᠶᠢ ᠬᠥᠲᠥᠯᠥᠨ ᠳᠠᠭᠠᠭᠤᠯᠬᠤ ᠴᠢᠬᠤᠯᠠ | ᠡᠭᠦᠳᠡ ᠪᠣᠯᠭᠠᠨ ᠴᠣᠭᠴᠠᠯᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠬᠠᠶᠢᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | | | | | 12 ᠰᠠᠷ᠎ᠠ ᠶᠢᠨ 17 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠶᠢᠨᠠᠨ ᠤ ᠰᠠᠨᠶᠠ ᠳᠤ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ | ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | 12 ᠰᠠᠷ᠎ᠠ ᠶᠢᠨ 17 ᠤ ᠦᠳᠡ ᠶᠢᠨ ᠬᠤᠶᠢᠨ᠎ᠠ᠂ ᠰᠢ ᠶᠢᠨ ᠫᠢᠩ ᠬᠠᠶᠢᠨᠠᠨ ᠮᠤᠵᠢ ᠶᠢᠨ ᠰᠠᠨᠶᠠ ᠬᠤᠲᠠ ᠳᠤ | ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠹᠧᠩ ᠹᠧᠢ ᠬᠠᠷᠢᠭᠤ ᠮᠡᠳᠡᠭᠦᠯᠦᠯᠲᠡ | ᠬᠢᠵᠦ᠂ ᠮᠤᠵᠢ ᠶᠢᠨ ᠳᠠᠷᠤᠭ᠎ᠠ ᠯᠢᠦ ᠰᠢᠶᠣᠣ ᠮᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ | ᠬᠠᠶᠢᠨᠠᠨ ᠤ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ | ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ | | | | | 12 ᠰᠠᠷ᠎ᠠ ᠶᠢᠨ 17 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠶᠢᠨᠠᠨ ᠤ ᠰᠠᠨᠶᠠ ᠳᠤ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠠ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ | ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | ᠰᠢ ᠶᠢᠨ ᠫᠢᠩ᠂ ᠬᠠᠶᠢᠨᠠᠨ ᠤ ᠣᠨᠴᠠᠯᠢᠭ ᠪᠠ ᠳᠠᠪᠠᠭᠤᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ | ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ | ᠬᠠᠯᠠᠭᠤᠨ ᠪᠦᠰᠡ ᠶᠢᠨ ᠣᠨᠴᠠᠯᠢᠭᠲᠤ ᠥᠨᠳᠥᠷ ᠪᠦᠲᠦᠮᠵᠢᠲᠡᠢ ᠲᠠᠷᠢᠶᠠᠯᠠᠩ ᠵᠡᠷᠭᠡ ᠭᠤᠣᠯᠯᠠᠬᠤ ᠠᠵᠤ ᠦᠢᠯᠡᠰ ᠤᠨ | ᠬᠡᠯᠬᠢᠶ᠎ᠡ ᠶᠢ ᠨᠥᠬᠦᠪᠦᠷᠢᠯᠡᠨ ᠤᠷᠲᠤᠳᠬᠠᠬᠤ᠂ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠠᠮᠲᠤᠷᠠᠯᠴᠠᠭ᠎ᠠ ᠶᠢ ᠴᠢᠩᠭᠠᠳᠬᠠᠨ᠂ ᠨᠡᠩ ᠨᠡᠭᠡᠭᠡᠯᠲᠡᠲᠡᠢ ᠴᠢᠳᠠᠪᠤᠷᠢᠲᠠᠨ ᠤᠷᠢᠬᠤ ᠲᠣᠭᠲᠠᠴᠠ ᠶᠢ ᠪᠠᠶᠢᠭᠤᠯᠵᠤ᠂ | ᠤᠯᠠᠨ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ | ᠪᠠᠶᠢᠭᠤᠯᠤᠨ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠴᠢᠩᠭᠠᠳᠬᠠᠨ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ | ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠣᠮᠢᠨ ᠤᠰᠤ | ᠬᠥᠬᠡᠮᠳᠦᠭ ᠠᠭᠤᠯᠠ᠂ ᠴᠡᠩᠬᠡᠷ ᠲᠡᠯᠡᠶ ᠬᠥᠬᠡ ᠣᠭᠲᠠᠷᠭᠤᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠰᠣᠶᠣᠯ | ᠂ ᠪᠡᠶ᠎ᠡ ᠶᠢᠨ ᠲᠠᠮᠢᠷ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ | ᠃ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠡ ᠶᠢᠨ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ | ᠲᠥᠯᠥᠪᠵᠢᠭᠦᠯᠬᠦ᠂ ᠠᠭᠤᠯᠠᠷᠬᠠᠭ ᠣᠷᠣᠨ ᠪᠠ ᠳᠠᠯᠠᠢ ᠲᠠᠩᠭᠢᠰ ᠢ ᠬᠤᠷᠰᠢᠯᠴᠠᠭᠤᠯᠬᠤ᠂ ᠡᠬᠢ ᠪᠠᠶᠠᠯᠢᠭ ᠢ | ᠠᠭᠤᠰᠤᠯᠴᠠᠭᠤᠯᠤᠨ ᠨᠡᠪᠲᠡᠷᠡᠭᠦᠯᠬᠦ ᠶᠢ ᠪᠠᠷᠢᠮᠲᠠᠯᠠᠵᠤ᠂ ᠳᠠᠯᠠᠢ ᠲᠠᠩᠭᠢᠰ ᠤᠨ ᠨᠡᠭᠡᠭᠡᠨ ᠬᠥᠭᠵᠢᠭᠦᠯᠦᠯᠲᠡ ᠶᠢ ᠰᠠᠶᠢᠲᠤᠷ | ᠠᠳᠬᠤᠵᠤ᠂ ᠳᠠᠯᠠᠢ ᠲᠠᠩᠭᠢᠰ ᠠᠴᠠ ᠦᠢᠯᠡᠳᠪᠦᠷᠢᠯᠡᠯ ᠤᠨ ᠬᠦᠴᠦᠨ ᠢ ᠣᠯᠵᠤ᠂ ᠰᠢᠨ᠎ᠡ ᠨᠡᠮᠡᠭᠳᠡᠯ ᠤᠨ ᠴᠡᠭ ᠢ | ᠡᠷᠢᠯᠬᠢᠯᠡᠵᠦ᠂ ᠳᠠᠯᠠᠢ ᠲᠠᠩᠭᠢᠰ ᠤᠨ ᠬᠦᠴᠦᠷᠬᠡᠭ ᠮᠤᠵᠢ ᠶᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠴᠢᠯᠦᠭᠡᠲᠦ ᠠᠷᠠᠯᠵᠢᠶᠠᠨ ᠤ ᠭᠠᠷᠠᠮ ᠤᠨ ᠲᠦᠷᠦ ᠶᠢᠨ ᠪᠣᠳᠣᠯᠭ᠎ᠠ ᠳᠦᠷᠢᠮ ᠤᠨ ᠰᠢᠰᠲ᠋ᠧᠮ ᠢ ᠪᠦᠭᠦ | ᠲᠠᠯ᠎ᠠ ᠪᠠᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠡᠭᠡᠯᠲᠡ ᠬᠢᠬᠦ ᠠᠬᠢᠴᠠ ᠪᠣᠯᠣᠨ ᠠᠶᠢᠵᠠᠮ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠣᠬᠢᠷᠠᠭᠤᠯᠬᠤ ᠬᠡᠷᠡᠭᠲᠡᠢ᠃ ᠠᠷᠠᠯᠵᠢᠶ᠎ᠠ᠂ ᠪᠡᠯᠡ ᠣᠷᠣᠭᠤᠯᠤᠯᠲᠠ᠂ ᠬᠢᠯᠢ | ᠠᠯᠤᠰᠯᠠᠭᠰᠠᠨ ᠪᠡᠯᠡ ᠮᠥᠩᠭᠦ ᠶᠢᠨ ᠭᠦᠢᠯᠭᠡᠭᠡ᠂ ᠬᠥᠮᠥᠨ ᠬᠠᠷ᠎ᠠ ᠶᠢᠨ ᠣᠷᠣᠵᠤ ᠭᠠᠷᠬᠤ᠂ ᠲᠡᠭᠡᠭᠡᠪᠦᠷᠢ ᠶᠢᠨ | ᠶᠠᠪᠤᠯᠴᠠᠭ᠎ᠠ ᠴᠢᠯᠦᠭᠡᠲᠡᠢ ᠪᠥᠭᠡᠳ ᠳᠥᠭᠦᠮ ᠳᠥᠲᠡ ᠪᠠᠶᠢᠬᠤ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠡᠮᠬᠢ | ᠵᠢᠷᠤᠮ ᠲᠠᠢ ᠭᠦᠢᠯᠭᠡᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠢ ᠶᠢᠨ ᠥᠨᠳᠥᠷ ᠲᠦᠪᠰᠢᠨ | ᠪᠦᠬᠦᠢ ᠠᠵᠤ ᠠᠬᠤᠢ ᠠᠷᠠᠯᠵᠢᠶᠠᠨ ᠤ ᠳᠦᠷᠢᠮ ᠢᠶᠠᠷ ᠪᠠᠷᠢᠮᠵᠢᠶᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠶᠡᠭᠡ ᠪᠠᠷ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠬᠤ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ | ᠲᠠᠪᠴᠠᠩ ᠢ ᠪᠣᠳᠠᠲᠠᠶᠢᠵᠢᠭᠤᠯᠤᠨ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠤᠯᠤᠰ ᠤᠳ ᠪᠠ ᠭᠠᠵᠠᠷ ᠣᠷᠣᠨ ᠤ ᠴᠢᠯᠦᠭᠡᠲᠦ ᠠᠷᠠᠯᠵᠢᠶᠠᠨ ᠤ ᠬᠦᠷᠢᠶᠡᠯᠡᠩ ᠲᠣᠭᠤᠷᠢᠭ ᠯᠤᠭ᠎ᠠ ᠶᠢᠨ | ᠰᠣᠯᠢᠯᠴᠠᠭ᠎ᠠ ᠬᠠᠮᠲᠤᠷᠠᠯᠴᠠᠭ᠎ᠠ ᠪᠠ ᠴᠢᠳᠠᠮᠵᠢ ᠶᠢᠨ ᠵᠣᠯᠭᠠᠯᠴᠠᠭ᠎ᠠ ᠶᠢ ᠴᠢᠩᠭᠠᠳᠬᠠᠬᠤ ᠬᠡᠷᠡᠭᠲᠡᠢ᠃ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠬᠤᠯᠪᠣᠯᠳᠤᠨ ᠬᠥᠭᠵᠢᠬᠦ ᠶᠢ ᠴᠢᠩᠭᠠᠳᠬᠠᠵᠤ᠂ | ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ | ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠬᠠᠶᠢᠨᠠᠨ ᠤ ᠴᠢᠯᠦᠭᠡᠲᠦ ᠠᠷᠠᠯᠵᠢᠶᠠᠨ ᠤ | ᠭᠠᠷᠠᠮ ᠤᠨ ᠭᠤᠣᠯ ᠪᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠬᠢᠭᠤᠯᠵᠤ᠂ | ᠡᠯ᠎ᠡ ᠵᠦᠢᠯ ᠤᠨ ᠪᠡᠯᠡᠳᠬᠡᠯ ᠠᠵᠢᠯ ᠢ ᠨᠢᠮᠪᠠᠢ ᠰᠠᠶᠢᠲᠤᠷ ᠬᠢᠵᠦ᠂ ᠪᠣᠭᠤᠮᠲᠠ ᠬᠠᠭᠠᠬᠤ ᠠᠵᠢᠯᠯᠠᠭᠠᠨ ᠤ ᠲᠣᠭᠲᠠᠭᠤᠨ | ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠠᠭᠤᠭᠠᠯᠢ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠪᠣᠯᠣᠨ ᠨᠡᠶᠢᠭᠡᠮ ᠤᠨ | ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ | ᠤᠨᠤᠯ ᠢᠶᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠪᠠᠳᠠᠷᠠᠭᠤᠯᠵᠤ᠂ ᠤᠯᠠᠨ ᠲᠦᠮᠡᠨᠴᠢ | ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠬᠤᠣᠰ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠡᠦᠬᠡ | ᠰᠣᠶᠣᠯ᠂ ᠬᠤᠪᠢᠰᠬᠠᠯᠲᠤ ᠰᠣᠶᠣᠯ᠂ ᠳᠠᠯᠠᠢ ᠲᠠᠩᠭᠢᠰ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ | ᠡᠬᠢ ᠪᠠᠶᠠᠯᠢᠭ ᠢ ᠰᠠᠶᠢᠲᠤᠷ ᠬᠠᠮᠠᠭᠠᠯᠠᠨ ᠰᠠᠶᠢᠲᠤᠷ ᠠᠰᠢᠭᠯᠠᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠴᠢᠩᠭᠠᠳᠬᠠᠵᠤ᠂ ᠰᠣᠶᠣᠯ ᠤᠨ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠬᠤ ᠬᠡᠷᠡᠭᠲᠡᠢ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠂ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠨᠡᠶᠢᠭᠡᠮ ᠤᠨ ᠵᠠᠰᠠᠯᠲᠠ ᠶᠢᠨ ᠲᠦᠪᠰᠢᠨ ᠢ | ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠪᠠ ᠦᠢᠯᠡᠰ | ᠪᠣᠰᠬᠠᠬᠤ ᠶᠢ ᠳᠡᠮᠵᠢᠬᠦ ᠪᠠᠨ ᠴᠢᠩᠭᠠᠳᠬᠠᠵᠤ᠂ ᠠᠵᠢᠯ ᠣᠯᠭᠤᠯᠲᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ | ᠪᠠᠲᠤᠯᠠᠬᠤ ᠬᠡᠷᠡᠭᠲᠡᠢ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠ ᠪᠠᠯᠭᠠᠰᠤᠵᠢᠯᠲᠠ ᠶᠢ ᠯᠠᠪᠳᠠᠭᠤᠨ ᠢᠶᠠᠷ | ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠬᠠᠪᠰᠤᠷᠤᠨ ᠲᠡᠳᠬᠦᠬᠦ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ | ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ | ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ | ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ ᠰᠤᠷᠲᠠᠯ ᠢᠶᠠᠨ ᠬᠤᠪᠢᠷᠠᠭᠤᠯᠬᠤ ᠶᠢ ᠠᠬᠢᠭᠤᠯᠵᠤ᠂ ᠥᠷᠭᠡᠨ ᠤᠯᠠᠨ | ᠺᠠᠳ᠋ᠷ ᠤᠨ ᠵᠣᠷᠢᠭᠲᠠᠢ ᠬᠢᠵᠦ ᠵᠣᠷᠢᠭᠲᠠᠢ ᠲᠤᠷᠰᠢᠬᠤ᠂ ᠪᠤᠰᠤᠳ ᠠᠴᠠ ᠲᠦᠷᠦᠭᠦᠯᠡᠨ ᠬᠢᠬᠦ᠂ ᠰᠢᠷᠭᠠᠭᠤ | ᠬᠠᠲᠠᠭᠤᠵᠢᠯᠲᠠᠢ ᠠᠵᠢᠯᠯᠠᠬᠤ ᠣᠨᠴᠠᠭᠠᠢ ᠣᠷᠣᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠶᠢ | ᠵᠣᠷᠢᠭᠵᠢᠭᠤᠯᠵᠤ᠂ ᠵᠥᠪ ᠠᠵᠢᠯ ᠤᠨ ᠠᠮᠵᠢᠯᠲᠠ ᠪᠦᠳᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ | ᠬᠡᠷᠡᠭᠲᠡᠢ᠃ ᠢᠯᠵᠢᠷᠡᠯ ᠢ ᠡᠰᠡᠷᠭᠦᠴᠡᠬᠦ ᠲᠡᠮᠡᠴᠡᠯ ᠢ ᠰᠢᠨᠲᠠᠷᠠᠰᠢ ᠦᠭᠡᠢ ᠰᠠᠶᠢᠲᠤᠷ ᠠᠳᠬᠤᠵᠤ᠂ ᠢᠯᠵᠢᠷᠡᠯ ᠤᠨ | ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠬᠦᠴᠦᠯᠡᠨ ᠠᠷᠢᠯᠭᠠᠬᠤ ᠬᠡᠷᠡᠭᠲᠡᠢ᠃ ᠡᠷᠬᠡ ᠶᠢᠨ | ᠠᠵᠢᠯᠯᠠᠭᠠᠨ ᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠺᠠᠳ᠋ᠷᠴᠤᠳ ᠢ | ᠬᠥᠮᠥᠵᠢᠭᠦᠯᠦᠨ ᠵᠢᠯᠤᠭᠤᠳᠴᠤ ᠢᠯᠵᠢᠷᠡᠬᠦ ᠶᠢ ᠡᠰᠡᠷᠭᠦᠴᠡᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠢ | ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ︽ᠠᠮᠤ ᠪᠤᠳᠠᠭ᠎ᠠ︾᠂ ︽ᠬᠤᠯᠢᠰᠢᠨ ᠢᠳᠡᠭᠡᠨ︾ ᠵᠡᠷᠭᠡ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠠᠳᠬᠤᠵᠤ᠂ ᠡᠳ᠋ ᠪᠣᠳᠠᠰ᠂ ᠡᠨᠧᠷᠭᠢ ᠵᠡᠷᠭᠡ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ | ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠢᠷᠡᠬᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠵᠢᠯ ᠤᠨ ᠰᠠᠶᠢᠨ | ᠡᠭᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ |