| | ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠯᠡᠬᠦ | ᠴᠡᠭ ᠪᠣᠯᠣᠨ᠎ᠠ᠃ ᠡᠨᠡ ᠵᠢᠯ ᠠᠴᠠ ᠨᠠᠰᠢ᠂ ᠮᠠᠨ ᠤ ᠬᠤᠲᠠ ᠤᠯᠠᠮ ᠠᠴᠠ ᠤᠯᠠᠮ ᠣᠯᠠᠨ ᠰᠢᠨ᠎ᠡ ᠲᠥᠷᠥᠯ ᠵᠦᠢᠯ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠡᠯ᠎ᠡ ᠲᠣᠮᠣ | ᠦᠵᠡᠮᠵᠢ ᠶᠢᠨ ᠣᠷᠣᠨ ᠢ ᠲᠠᠰᠤᠷᠠᠯᠲᠠ ᠦᠭᠡᠢ ᠰᠢᠨᠡᠳᠬᠡᠨ ᠲᠠᠰ ᠳᠡᠪᠰᠢᠭᠦᠯᠵᠦ᠂ ︽ᠰᠢᠨ᠎ᠡ︾ ᠶᠢ ᠤᠭᠲᠤᠵᠤ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ︽ᠲᠣᠭᠲᠠᠭᠤᠨ ᠤ ᠳᠤᠮᠳᠠ ᠤᠷᠤᠭᠰᠢᠯᠠᠵᠤ᠂ ᠲᠤᠭ᠎ᠠ ᠬᠡᠮᠵᠢᠶ᠎ᠡ ᠶᠠᠰᠤ | ᠴᠢᠨᠠᠷ ᠢ ᠵᠡᠷᠭᠡᠪᠡᠷ ᠳᠡᠭᠡᠭᠰᠢᠯᠡᠭᠦᠯᠬᠦ︾ ᠰᠠᠶᠢᠨ ᠰᠠᠶᠢᠬᠠᠨ ᠪᠠᠶᠢᠳᠠᠯ ᠢᠯᠡᠷᠡᠪᠡ᠃ ᠲᠦᠷᠦᠭᠦᠤ 11 ᠰᠠᠷ᠎ᠠ ᠳᠤ᠂ ᠮᠠᠨ ᠤ | ᠬᠤᠲᠠ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢ ᠶᠢ 210.3 ᠲᠦᠮᠡᠨ ᠬᠥᠮᠦᠨ ᠤᠳᠠᠭ᠎ᠠ ᠬᠦᠯᠢᠶᠡᠨ | ᠠᠪᠴᠤ᠂ ᠠᠳᠠᠯᠢ ᠬᠤᠭᠤᠴᠠᠭᠠᠨ ᠤ ᠬᠢ ᠠᠴᠠ 36.7% ᠪᠠᠷ ᠨᠡᠮᠡᠭᠳᠡᠪᠡ︔ ᠵᠢᠭᠤᠯᠴᠢᠯᠠᠯ ᠤᠨ ᠦᠢᠯᠡᠰ ᠤᠨ ᠣᠷᠣᠯᠭ᠎ᠠ ᠶᠢ | 41.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 40.9% ᠪᠠᠷ ᠨᠡᠮᠡᠭᠳᠡᠪᠡ᠃ | | | | | ᠮᠠᠨ ᠤ ᠬᠤᠲᠠ ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠰᠥᠨᠢ ᠶᠢᠨ | ᠠᠵᠤ ᠠᠬᠤᠶ︾ ᠶᠢ ᠭᠡᠷᠡᠯᠳᠦᠬᠦᠯᠵᠦ᠂ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢ ᠠᠭᠤᠳᠠᠯᠪᠠ᠃ ︽ᠵᠢᠭᠤᠯᠴᠢᠯᠠᠯ ᠤᠨ ᠰᠥᠨᠢ ᠶᠢᠨ ᠠᠵᠤ ᠠᠬᠤᠶ︾ ᠶᠢᠨ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠥᠬᠦ ᠲᠠᠯ᠎ᠠ ᠪᠠᠷ ᠪᠠᠶᠠᠯᠢᠭᠵᠢᠭᠤᠯᠵᠤ᠂ ᠮᠠᠨ ᠤ ᠬᠤᠲᠠ ᠶᠢᠨ ᠰᠥᠨᠢ ᠶᠢᠨ ᠵᠢᠭᠤᠯᠴᠢᠯᠠᠯ ᠤᠨ ᠠᠭᠤᠷ ᠠᠮᠢᠰᠬᠤᠯ ᠢ | ᠨᠠᠩ ᠰᠠᠶᠢᠨ ᠪᠣᠶ ᠪᠣᠯᠭᠠᠵᠤ᠂ ᠰᠥᠨᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠳᠣᠯᠠᠳᠠ᠂ ᠤᠷᠢᠳ | ᠬᠤᠵᠢᠳ ᠶᠢᠰᠦᠳᠦᠭᠡᠷ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ | ᠵᠢᠴᠢ ᠠᠷᠪᠠᠨ ᠨᠠᠢᠮᠠᠳᠤᠭᠠᠷ ᠬᠤᠭᠤᠴᠠᠭᠠᠨ ᠤ ᠵᠣᠨ ᠤ ᠰᠣᠶᠣᠯ ᠤᠷᠠᠯᠢᠭ ᠤᠨ ᠨᠠᠶᠢᠷ᠂ 2024 ᠣᠨ ᠤ ︽ᠬᠤᠲᠠ ᠶᠢᠨ | ᠡᠮᠣᠨᠡᠬᠢ ᠰᠥᠨᠢ ᠶᠢᠨ ᠵᠠᠬ᠎ᠠ ᠳᠡᠯᠭᠡᠭᠦᠷ︾᠂ ᠯᠧ ᠢ ᠵᠡᠭᠡᠯᠢ ᠲᠣᠭᠤᠷᠢᠭ ᠤᠨ ᠰᠥᠨᠢ ᠶᠢᠨ ᠵᠠᠬ᠎ᠠ᠂ ᠠᠩᠬᠠᠳᠤᠭᠠᠷ | ᠬᠤᠭᠤᠴᠠᠭᠠᠨ ᠤ ᠡᠷᠢᠶᠡᠨ ᠬᠤᠲᠠ ᠶᠢᠨ ᠳᠠᠭᠤᠤ ᠬᠥᠭᠵᠢᠮ ᠤᠨ ᠨᠠᠭᠠᠳᠤᠮ᠂ ᠤᠯᠤᠰ ᠤᠨ ᠪᠠᠶᠠᠷ ᠤᠨ ᠰᠢᠶᠠᠩ ᠷᠦᠢ ᠴᠢ | ᠯᠢᠨ ᠤᠯᠤᠰ ᠤᠨ ᠡᠭᠦᠳᠡ ᠪᠠᠷ ᠠᠶᠠᠯᠠᠬᠤ ᠵᠢᠴᠢ ᠳ᠋ᠧᠩ ᠤᠨ ᠬᠡᠷᠡᠯ ᠤᠨ ᠦᠵᠡᠭᠦᠯᠦᠯᠭᠡ ᠵᠡᠷᠭᠡ ᠣᠨᠴᠠᠯᠢᠭᠲᠤ ᠠᠵᠢᠯᠯᠠᠭ᠎ᠠ ᠶᠢ | ᠡᠷᠭᠢᠯᠡᠵᠦ᠂ ᠨᠡᠶᠢᠲᠡ 54 ᠲᠠᠯᠠᠪᠤᠷ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ 20 ᠭᠠᠷᠤᠶ | ᠲᠦᠮᠡᠨ ᠬᠥᠮᠦᠨ ᠤᠳᠠᠭ᠎ᠠ ᠠᠶᠠᠨᠴᠢᠳ ᠢ ᠲᠠᠲᠠᠪᠠ᠃ | | | | | | ᠤᠢᠢᠷ᠎ᠠ ᠶᠢᠨ ᠵᠢᠯ ᠠᠴᠠ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠵᠤᠭᠠᠴᠠᠯ ᠤᠨ ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠵᠠᠮ ᠱᠤᠭᠤᠮ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ ᠵᠡᠷᠭᠡ ᠤᠯᠠᠨ ᠲᠠᠯ᠎ᠠ ᠪᠠᠷ ᠭᠦᠨᠵᠡᠭᠡᠢ | ᠬᠠᠮᠲᠤᠷᠠᠯᠴᠠᠭ᠎ᠠ ᠥᠷᠨᠢᠭᠦᠯᠵᠦ᠂ ᠪᠣᠭᠤᠮᠲᠠ ᠶᠢᠨ ᠬᠢᠯᠢ ᠠᠯᠤᠰᠯᠠᠭᠰᠠᠨ ᠵᠤᠭᠠᠴᠠᠯ ᠤᠨ ᠦᠢᠯᠡᠰ ᠪᠣᠯᠤᠨ ᠬᠤᠶᠠᠷ ᠤᠯᠤᠰ ᠤᠨ | ᠬᠤᠭᠤᠷᠣᠨᠳᠣᠬᠢ ᠵᠤᠭᠠᠴᠠᠯ ᠤᠨ ᠰᠣᠶᠣᠯ ᠤᠨ ᠰᠣᠯᠢᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ᠃ | | | | | 2024 ᠣᠨ ᠳᠤ᠂ ᠪᠥᠬᠦ ᠬᠤᠲᠠ ᠶᠢᠨ ᠵᠢᠭᠤᠯᠴᠢᠯᠠᠯ ᠤᠨ ᠠᠵᠤ ᠠᠬᠤᠶᠢᠯᠠᠯ ᠬᠢᠭᠡᠳ ᠮᠣᠩᠭᠤᠯ ᠤᠯᠤᠰ ᠤᠨ | ᠵᠢᠭᠤᠯᠴᠢᠯᠠᠯ ᠤᠨ ᠠᠵᠤ ᠠᠬᠤᠶᠢᠯᠠᠯ ᠨᠡᠪᠲᠡᠷᠡᠯᠴᠡᠬᠦ ᠲᠠᠪᠴᠠᠩ ᠪᠠᠶᠢᠭᠤᠯᠵᠤ᠂ ᠳᠤᠮᠳᠠᠳᠤ ᠮᠣᠩᠭᠤᠯ ᠤᠨ ᠵᠢᠭᠤᠯᠴᠢᠯᠠᠯ ᠤᠨ | ᠠᠵᠤ ᠠᠬᠤᠶᠢᠯᠠᠯ ᠤᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠬᠢᠯᠢ ᠠᠴᠠ ᠭᠠᠷᠴᠤ ᠵᠢᠭᠤᠯᠴᠢᠯᠠᠬᠤ᠂ ᠬᠢᠯᠢ ᠳᠤ | ᠣᠷᠣᠵᠤ ᠵᠤᠭᠠᠴᠠᠬᠤ ᠵᠠᠮ ᠱᠤᠭᠤᠮ ᠪᠠ ᠠᠭᠤᠯᠭ᠎ᠠ ᠶᠢ ᠥᠷᠭᠡᠳᠬᠡᠨ᠂ ᠳᠤᠮᠳᠠᠳᠤ ᠮᠣᠩᠭᠤᠯ ᠣᠷᠣᠰ ᠤᠨ ᠬᠢᠯᠢ | ᠠᠯᠤᠰᠯᠠᠭᠰᠠᠨ ᠵᠢᠭᠤᠯᠴᠢᠯᠠᠯ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ᠂ ︽ᠮᠢᠩᠭᠠᠨ ᠲᠡᠷᠭᠡ ᠲᠦᠮᠡᠨ ᠬᠥᠮᠦᠨ︾ | ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ᠂ ︽ᠲᠦᠮᠡᠨ | ᠭᠠᠵᠠᠷ ᠤᠨ ᠴᠠᠢ ᠶᠢᠨ ᠵᠠᠮ ᠤᠨ ᠲᠠᠯ᠎ᠠ ᠨᠤᠲᠤᠭ ᠤᠨ ᠴᠡᠪᠡᠷ ᠰᠠᠯᠬᠢ︾ ᠶᠢᠰᠦᠳᠦᠭᠡᠷ ᠬᠤᠭᠤᠴᠠᠭᠠᠨ ᠤ ᠮᠣᠲ᠋ᠣᠷ ᠢᠶᠠᠷ | ᠠᠶᠠᠯᠠᠬᠤ ᠨᠠᠭᠠᠳᠤᠮ ᠤᠨ ᠠᠵᠢᠯᠯᠠᠭ᠎ᠠ ᠵᠡᠷᠭᠡ ᠬᠤᠪᠢ ᠶᠢᠨ ᠮᠠᠰᠢᠨ ᠢᠶᠠᠷ ᠬᠢᠯᠢ ᠠᠯᠤᠰᠯᠠᠭᠰᠠᠨ ᠵᠢᠭᠤᠯᠴᠢᠯᠠᠯ ᠤᠨ ᠥᠪᠡᠷᠮᠢᠴᠡ | ᠣᠨᠴᠠᠯᠢᠭ ᠲᠠᠢ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠡᠨᠡ ᠵᠢᠯ ᠠᠴᠠ ᠨᠠᠰᠢ᠂ ᠪᠥᠬᠦ ᠬᠤᠲᠠ ᠶᠢᠨ ᠡᠯ᠎ᠡ | ᠵᠢᠭᠤᠯᠴᠢᠯᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠪᠦᠯᠬᠦᠮ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠥᠮᠦᠨ ᠤ | ᠲᠤᠭ᠎ᠠ ᠪᠠᠷᠤᠭ 13 ᠲᠦᠮᠡᠨ ᠬᠥᠮᠦᠨ ᠪᠠᠶᠢᠵᠤ᠂ ᠡᠭᠦᠨ ᠳᠤ ᠬᠢᠯᠢ ᠳᠤ ᠣᠷᠣᠬᠤ ᠵᠢᠭᠤᠯᠴᠢᠯᠠᠯ ᠤᠨ ᠪᠦᠯᠬᠦᠮ ᠪᠠᠷᠤᠭ 12 | ᠲᠦᠮᠡᠨ ᠬᠥᠮᠦᠨ᠂ ᠬᠢᠯᠢ ᠠᠴᠠ ᠭᠠᠷᠬᠤ ᠵᠢᠭᠤᠯᠴᠢᠯᠠᠯ ᠤᠨ ᠪᠦᠯᠬᠦᠮ ᠪᠠᠷᠤᠭ 1 ᠲᠦᠮᠡᠨ ᠬᠥᠮᠦᠨ ᠪᠠᠶᠢᠨ᠎ᠠ᠃ ᠮᠠᠨ ᠤ | ᠬᠤᠲᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠤᠲᠠ ᠶᠢᠨ ᠠᠵᠤ ᠠᠬᠤᠶ ᠶᠢᠨ | ᠴᠡᠴᠡᠭᠯᠡᠯᠲᠡ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠬᠢᠯᠢ ᠪᠠᠷ ᠨᠡᠪᠳᠡᠷᠡᠬᠦ ᠰᠣᠶᠣᠯ ᠤᠨ ᠤᠯᠠᠮᠵᠢᠯᠠᠨ | ᠲᠠᠷᠬᠠᠭᠠᠬᠤ ᠴᠢᠳᠠᠮᠵᠢ ᠶᠢ ᠪᠣᠯᠪᠠᠰᠤᠨ ᠲᠣᠯᠢ ᠪᠣᠯᠭᠠᠬᠤ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠳᠡᠭᠡᠳᠦ | ᠬᠡᠮᠵᠢᠶᠡᠨ ᠤ ᠰᠣᠶᠣᠯ ᠤᠨ ᠢᠲᠡᠭᠡᠯ ᠢᠶᠠᠷ ᠪᠣᠭᠤᠮᠲᠠ ᠶᠢᠨ ᠰᠢᠨ᠎ᠡ ᠳᠦᠷᠢ ᠲᠥᠷᠬᠦ ᠶᠢ ᠢᠯᠡᠷᠡᠬᠦᠯᠦᠨ᠎ᠡ᠃ | |