| | ᠡᠷᠢᠶᠡᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠨ 12 ᠰᠠᠷ᠎ᠠ ᠶᠢᠨ 18 ᠤ ᠡᠳᠦᠷ ᠪᠣᠯᠲᠠᠯ᠎ᠠ᠂ | ᠡᠷᠢᠶᠡᠨ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠮᠵᠢᠶ᠎ᠡ ᠨᠢ 5.26 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.64 ᠪᠠᠷ ᠨᠡᠮᠡᠭᠳᠡᠵᠡᠢ᠃ | ᠡᠷᠢᠶᠡᠨ ᠬᠤᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ | ᠴᠤᠷ ᠤᠨ ᠭᠠᠭᠴᠠ ᠨᠠᠶᠢᠳᠠᠪᠣᠷᠢᠵᠢᠭᠤᠯᠣᠨ ᠡᠳ᠋ᠰᠢᠭᠦᠯᠬᠦ ᠲᠤᠷᠰᠢᠯᠲᠠ ᠶᠢᠨ ᠴᠢᠭ ᠪᠠᠶᠢᠵᠦ᠂ ᠠᠷᠠᠯᠵᠢᠶᠠᠨ ᠤ ᠲᠤᠭ᠎ᠠ ᠨᠢ | ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠳᠠᠭ᠃ ᠬᠦᠷᠦᠭᠰᠡᠨ ᠲᠠᠸᠠᠷ ᠨᠢ ᠢᠮᠠᠭᠠᠨ ᠨᠣᠯᠤᠤᠷ᠂ ᠮᠠᠭᠠᠵᠢ᠂ | ᠬᠥᠯᠳᠡᠭᠡᠭᠰᠡᠨ ᠶᠠᠰᠦ ᠲᠠᠢ ᠮᠢᠬ᠎ᠠ᠂ ᠴᠣᠯ ᠠᠳᠤᠭᠤᠨ ᠤ ᠮᠢᠬ᠎ᠠ ᠵᠡᠷᠭᠡ 4 ᠲᠥᠷᠥᠯ ᠳᠤ ᠲᠥᠪᠯᠡᠷᠡᠵᠦ ᠪᠠᠶᠢᠨ᠎ᠠ᠃ | ᠣᠳᠣᠬᠠᠨ ᠳᠤ ᠪᠠᠶᠢᠩᠭᠤ ᠶᠢᠨ ᠠᠵᠢᠯᠯᠠᠭᠠᠨ ᠢ ᠪᠡᠶᠡᠯᠡᠭᠦᠯᠵᠦ᠂ ᠠᠷᠠᠯᠵᠢᠶᠠᠨ ᠤ ᠤᠯᠤᠰ ᠢ ᠲᠤᠰ ᠲᠤᠰ ᠮᠣᠩᠭᠤᠯ ᠤᠯᠤᠰ᠂ | ᠣᠷᠣᠰ᠂ ᠪᠧᠯᠤᠷᠦ᠋ᠰᠢᠶ᠎ᠡ ᠵᠡᠷᠭᠡ 3 ᠤᠯᠤᠰ ᠲᠤ ᠬᠦᠷᠲᠡᠯ᠎ᠡ ᠥᠷᠭᠡᠳᠬᠡᠵᠡᠶ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠢᠳᠡᠪᠬᠢᠲᠡᠶ ᠪᠠᠷ ᠠᠵᠢᠯᠯᠠᠵᠤ᠂ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ︽ᠨᠢᠭᠡ ᠰᠢᠰᠲ᠋ᠧᠮ ᠬᠤᠶᠠᠷ ᠲᠠᠪᠴᠠᠩ︾ ᠢ ᠪᠥᠬᠦ ᠬᠦᠴᠦᠨ ᠢᠶᠠᠷ ᠢᠶᠠᠨ | ᠪᠠᠶᠢᠭᠤᠯᠵᠤ᠂ ︽ᠨᠠᠶᠢᠳᠠᠵᠤ ᠭᠤᠶᠤᠴᠢᠯᠠᠨ ᠮᠡᠳᠡᠭᠦᠯᠬᠦ︾ ︽ᠰᠢᠭᠤᠳ ᠨᠡᠪᠲᠡᠷᠡᠬᠦ ᠲᠡᠭᠡᠭᠡᠪᠦᠷᠢ︾᠂ ︽ᠲᠤᠬᠠᠶ ᠶᠢᠨ | ᠲᠠᠯᠠᠪᠤᠷ ᠲᠤ ᠬᠦᠷᠴᠦ ᠪᠠᠶᠢᠴᠠᠭᠠᠨ ᠰᠢᠯᠭᠠᠬᠤ︾ ᠵᠡᠷᠭᠡ ᠠᠯᠢ ᠣᠯᠠᠨ ᠳᠥᠭᠦᠮᠴᠢᠯᠡᠭᠰᠡᠨ ᠠᠷᠭ᠎ᠠ ᠬᠡᠮᠵᠢᠶ᠎ᠡ ᠶᠢ ᠭᠦᠨᠵᠡᠭᠡᠶ | ᠳᠥᠯᠭᠢᠨ ᠠᠬᠢᠭᠤᠯᠵᠤ᠂ ᠬᠢᠯᠢ ᠪᠠᠷ ᠣᠷᠣᠭᠤᠯᠬᠤ ᠠᠮᠤ ᠪᠤᠳᠠᠭ᠎ᠠ᠂ ᠮᠢᠬᠠᠨ ᠤ ᠵᠦᠢᠯ ᠢ ᠰᠢᠯᠵᠢᠭᠦᠯᠦᠨ ᠪᠠᠶᠢᠴᠠᠭᠠᠬᠤ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠡᠲᠡᠭᠡᠷ ᠠᠷᠭ᠎ᠠ ᠬᠡᠮᠵᠢᠶ᠎ᠡ ᠶᠢᠨ | ᠠᠬᠢᠭᠤᠯᠤᠯ ᠳᠣᠣᠷ᠎ᠠ᠂ ᠡᠳ᠋ᠰᠢᠭᠦᠯᠬᠦ ᠵᠠᠭᠪᠤᠷ ᠤᠨ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ᠂ ᠮᠢᠬᠠᠨ ᠤ ᠵᠦᠢᠯ | ᠵᠡᠷᠭᠡ ᠨᠡᠶᠢᠲᠡ 226 ᠪᠦᠯᠦᠭ ᠤᠳᠠᠭ᠎ᠠ ᠬᠦᠷᠴᠦ᠂ ᠡᠳ᠋ᠰᠢᠭᠦᠯᠵᠦ ᠪᠣᠯᠪᠠᠰᠤᠷᠠᠭᠤᠯᠬᠤ ᠭᠠᠳᠠᠭᠠᠳᠤ ᠠᠴᠠ ᠣᠷᠣᠭᠤᠯᠤᠭᠰᠠᠨ | ᠠᠷᠠᠯᠵᠢᠶᠠᠨ ᠤ ᠲᠤᠭ᠎ᠠ 5.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.32% | ᠨᠡᠮᠡᠭᠳᠡᠪᠡ᠃ | ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠳᠥᠷᠪᠡᠳᠦᠭᠡᠷ ᠰᠠᠯᠠᠭᠠᠨ ᠤ ᠳᠡᠳ᠋ ᠳᠠᠷᠤᠭ᠎ᠠ | ᠸᠠᠩ ᠵᠢᠶᠠ ᠸᠧᠶ ᠬᠡᠯᠡᠬᠦ ᠳᠡᠭᠡᠨ᠄ ︽ᠡᠷᠢᠶᠡᠨ ᠪᠣᠭᠤᠮᠲᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ︿ᠬᠢᠯᠢ ᠶᠢᠨ | ᠠᠷᠠᠳ ᠪᠠᠶᠠᠵᠢᠬᠤ᠂ ᠬᠢᠯᠢ ᠶᠢᠨ ᠪᠣᠭᠤᠮᠲᠠ ᠭᠤᠸ᠎ᠠ ᠰᠠᠶᠢᠬᠠᠨ᠂ ᠬᠢᠯᠢ ᠬᠢᠵᠠᠭᠠᠷ ᠢᠶᠠᠨ ᠲᠣᠭᠲᠠᠭᠤᠨ ᠪᠠᠶᠢᠯᠭᠠᠬᠤ᠂ ᠬᠢᠯᠢ ᠶᠢᠨ | ᠬᠠᠮᠠᠭᠠᠯᠠᠯᠲᠠ ᠶᠢ ᠪᠠᠬᠢᠵᠢᠬᠦ﹀ ᠶᠢ ᠴᠢᠷᠮᠠᠶᠢᠨ ᠪᠡᠶᠡᠯᠡᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠷᠭᠦᠯᠵᠢᠯᠡᠨ ᠲᠣᠭᠲᠠᠴᠠ ᠶᠢ ᠠᠮᠢᠳᠤᠯᠢᠭᠵᠢᠭᠤᠯᠵᠤ᠂ ᠦᠢᠯᠡᠴᠢᠯᠡᠭᠡ ᠶᠢ | ᠰᠢᠯᠢᠳᠡᠭᠵᠢᠭᠦᠯᠵᠦ᠂ ᠲᠠᠪᠴᠠᠩ ᠢ ᠬᠦᠴᠦᠷᠬᠡᠭᠵᠢᠭᠦᠯᠵᠦ᠂ ᠬᠠᠷᠢᠶ᠎ᠠ ᠣᠷᠣᠨ ᠤ ᠬᠢᠯᠢ ᠶᠢᠨ ᠠᠷᠠᠳ ᠤᠨ ᠬᠠᠷᠢᠯᠴᠠᠨ | ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠬᠢᠯᠢ ᠬᠢᠵᠠᠭᠠᠷ | ᠣᠷᠣᠨ ᠢᠶᠠᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠵᠤ᠂ ᠡᠷᠢᠶᠡᠨ ᠬᠤᠲᠠ ᠶᠢᠨ ᠭᠠᠳᠠᠭᠠᠳᠤ ᠠᠷᠠᠯᠵᠢᠶᠠᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠦᠢᠯᠡᠴᠢᠯᠡᠶ᠎ᠡ︾ ᠭᠡᠪᠡ᠃ | ᠡᠨᠡ ᠵᠢᠯ ᠤᠨ ᠲᠦᠷᠦᠭᠦᠦ 11 ᠰᠠᠷ᠎ᠠ ᠳᠤ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ | ᠬᠡᠮᠵᠢᠶ᠎ᠡ 5.09 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠤ ᠬᠠᠷᠢᠯᠴᠠᠨ ᠠᠷᠠᠯᠵᠢᠶᠠᠯᠠᠬᠤ ᠠᠷᠠᠯᠵᠢᠶᠠᠨ ᠤ | ᠶᠡᠷᠦᠩᠬᠡᠢ ᠲᠤᠭ᠎ᠠ 7 ᠬᠤᠪᠢ ᠠᠴᠠ ᠳᠡᠭᠡᠭᠰᠢᠬᠢ ᠶᠢ ᠡᠵᠡᠯᠡᠵᠦ᠂ ᠬᠢᠯᠢ ᠶᠢᠨ ᠠᠷᠠᠳ ᠤᠨ 16 ᠲᠦᠮᠡᠨ ᠬᠥᠮᠦᠨ ᠤᠳᠠᠭ᠎ᠠ ᠶᠢ | ᠳᠠᠪᠠᠭᠰᠠᠨ ᠪᠠᠶᠢᠨ᠎ᠠ᠃ |