【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠨ᠎ᠡ 】 ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠪᠡ
ᠨᠡᠶᠢᠲᠡᠯᠡᠭᠰᠡᠨ ᠴᠠᠭ᠄
2024/12/19
    ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 11 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠶ ᠲᠤᠭ᠎ᠠ 436.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠨ᠂ 2023 ᠣᠨ ᠳᠤ ᠡᠭᠦᠳᠦᠭᠰᠡᠨ ᠲᠡᠦᠬᠡ ᠶᠢᠨ ᠬᠠᠮᠤᠭ ᠤᠨ ᠳᠡᠭᠡᠳᠦ ᠲᠡᠮᠳᠡᠭᠯᠡᠯ ᠢ ᠰᠢᠨᠡᠳᠬᠡᠵᠦ᠂ 2023 ᠣᠨ ᠤ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠪᠥᠬᠦ ᠲᠤᠭ᠎ᠠ 13.4 ᠳ᠋ᠦᠩᠰᠢᠭᠤᠷ ᠲᠥᠭᠦᠷᠢᠭ ᠢ ᠳᠠᠪᠠᠪᠠ᠃
    ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ︽ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠳᠠᠮᠵᠢ ᠶᠢ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠮᠵᠢ ᠶᠢᠨ ᠲᠣᠭᠤᠷᠢᠨ ᠳᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽2024 ᠣᠨ ᠤ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ᠂ ᠤᠷᠮᠠᠰᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠶᠢ ᠡᠭᠦᠳᠬᠦ ᠪᠡᠯᠡ ᠮᠥᠩᠭᠦ ᠶᠢ ᠬᠤᠷᠠᠮᠳᠤᠭᠤᠯᠵᠤ᠂ ᠬᠤᠲᠠ ᠶᠢᠨ ᠬᠠᠷᠢᠶ᠎ᠠ ᠠᠷᠠᠯᠵᠢᠶᠠᠨ ᠤ ᠠᠵᠤ ᠠᠬᠤᠶᠢᠯᠠᠯ ᠤᠨ ᠢᠳᠡᠪᠬᠢᠵᠢᠯ ᠢ ᠬᠥᠭᠵᠢᠭᠡᠪᠡ᠃
    2024 ᠣᠨ ᠳᠤ᠂ ᠮᠠᠨ ᠤ ᠬᠤᠲᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠯᠬᠤᠴᠠ ᠪᠠᠨ ᠲᠦᠷᠭᠡᠳᠬᠡᠵᠦ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠣᠯᠪᠠ᠃ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾ ᠵᠠᠭᠪᠤᠷ ᠢ ᠬᠡᠷᠡᠭᠯᠡᠵᠦ᠂ ᠭᠠᠳᠠᠭᠠᠳᠤ ᠠᠴᠠ ᠣᠷᠣᠭᠤᠯᠤᠭᠰᠠᠨ ᠢᠮᠠᠭᠠᠨ ᠨᠣᠯᠤᠤᠷ᠂ ᠨᠡᠭᠦᠷᠡᠰᠦ᠂ ᠮᠢᠬᠠᠨ ᠤ ᠲᠥᠷᠥᠯ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠮᠠᠨ ᠤ ᠬᠤᠲᠠ ᠳᠤ ᠳᠠᠩᠰᠠᠯᠠᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ ᠠᠴᠠ ᠣᠷᠣᠭᠤᠯᠬᠤ ᠲᠠᠸᠠᠷ ᠤᠨ ᠲᠥᠷᠥᠯ ᠢ ᠥᠷᠭᠡᠳᠬᠡᠵᠦ᠂ ᠣᠷᠣᠰ ᠤᠨ ᠰᠢᠩᠭᠡᠨᠵᠢᠮᠡᠯ ᠴᠢᠯᠠᠭᠤᠨ ᠳᠣᠰᠦ ᠶᠢᠨ ᠭᠠᠳᠠᠭᠠᠳᠤ ᠠᠴᠠ ᠣᠷᠣᠭᠤᠯᠬᠤ᠂ ᠣᠯᠠᠨ ᠤᠯᠤᠰ ᠤᠨ ᠰᠢᠦᠳᠠᠨ ᠤ ᠵᠦᠢᠯ ᠢ ᠬᠠᠷᠢᠯᠴᠠᠨ ᠰᠣᠯᠢᠯᠴᠠᠬᠤ 2 ᠵᠦᠢᠯ ᠤᠨ ᠲᠤᠬᠠᠶᠢᠯᠠᠭᠰᠠᠨ ᠠᠵᠢᠯ ᠢ ᠰᠡᠷᠭᠦᠭᠡᠬᠦ ᠬᠡᠷᠡᠭᠲᠡᠶ᠃ ︽ᠬᠤᠶᠠᠷ ᠠᠯᠬᠤᠮ ᠳᠤ ᠭᠤᠶᠤᠴᠢᠯᠠᠨ ᠮᠡᠳᠡᠭᠦᠯᠬᠦ︾᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ᠵᠡᠷᠭᠡ ᠪᠠᠭᠠᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠤᠷᠢᠳᠠᠪᠠᠷ ᠲᠠᠯᠪᠢᠵᠤ᠂ ᠳᠠᠷᠠᠭ᠎ᠠ ᠨᠢ ᠭᠠᠶᠢᠯᠢ ᠲᠤᠰᠢᠶᠠᠬᠤ︾᠂ ᠭᠠᠳᠠᠭᠠᠳᠤ ᠠᠷᠠᠯᠵᠢᠶᠠᠨ ᠤ ᠳᠠᠭᠠᠭᠠᠯᠲᠠ ᠶᠢᠨ ᠦᠢᠯᠡᠴᠢᠯᠡᠭᠡ ᠶᠢ ᠬᠠᠩᠭᠠᠬᠤ ᠬᠡᠷᠡᠭᠲᠡᠶ᠃ ᠪᠣᠭᠤᠮᠲᠠ ᠰᠣᠯᠢᠵᠤ ᠬᠢᠯᠢ ᠥᠩᠭᠡᠷᠡᠬᠦ ᠳᠤ ᠴᠠᠭᠠᠰᠤ ᠬᠡᠷᠡᠭᠯᠡᠬᠦ ᠦᠭᠡᠢ᠂ ︽ᠲᠡᠮᠦᠷ ᠵᠠᠮ ᠢ ᠲᠦᠷᠭᠡᠨ ᠨᠡᠪᠲᠡᠷᠡᠭᠦᠯᠬᠦ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠠᠴᠢᠵᠤ ᠶᠠᠪᠤᠮᠠᠭᠴᠠ ᠪᠠᠭᠤᠯᠭᠠᠵᠤ︾ ᠪᠣᠭᠤᠮᠲᠠ ᠪᠠᠷ ᠥᠩᠭᠡᠷᠡᠬᠦ ᠠᠵᠢᠯ ᠤᠨ ᠶᠠᠪᠤᠴᠠ ᠶᠢ ᠴᠣᠮᠬᠠᠳᠬᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠨᠡᠮᠯᠡᠯ ᠢ ᠭᠦᠢᠴᠡᠳᠬᠡᠬᠦ ᠶᠢ ᠴᠣᠮᠬᠠᠳᠬᠠᠵᠤ᠂ ︽ᠲᠤᠭ᠎ᠠ ᠪᠠᠷᠢᠮᠲᠠ ᠶᠢ ᠢᠯᠡᠭᠦᠦ ᠭᠦᠶᠦᠯᠭᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭ᠎ᠠ ᠥᠩᠭᠡᠷᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号