ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠤᠭ᠎ᠠ 5 ᠳ᠋ᠦᠩᠰᠢᠭᠤᠷ ᠲᠥᠭᠦᠷᠢᠭ ᠢ ᠳᠠᠪᠠᠵᠤ ᠠᠷᠠᠳ ᠤᠨ ᠵᠣᠭᠤᠰ ᠤᠨ ᠠᠳᠠᠯᠢ ᠬᠤᠭᠤᠴᠠᠭᠠᠨ ᠤ ᠬᠢ ᠠᠴᠠ 65.64% ᠨᠡᠮᠡᠭᠳᠡᠪᠡ
ᠨᠡᠶᠢᠲᠡᠯᠡᠭᠰᠡᠨ ᠴᠠᠭ᠄
2024/12/19
   ᠡᠷᠢᠶᠡᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠨ 12 ᠰᠠᠷ᠎ᠠ ᠶᠢᠨ 18 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠮᠵᠢᠶ᠎ᠡ ᠨᠢ 5.26  ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.64 ᠪᠠᠷ ᠨᠡᠮᠡᠭᠳᠡᠵᠡᠢ᠃    ᠡᠷᠢᠶᠡᠨ ᠬᠤᠲᠠ ᠶᠢᠨ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠨᠠᠶᠢᠳᠠᠪᠣᠷᠢᠵᠢᠭᠤᠯᠣᠨ ᠡᠳ᠋ᠰᠢᠭᠦᠯᠬᠦ ᠲᠤᠷᠰᠢᠯᠲᠠ ᠶᠢᠨ ᠴᠢᠭ  ᠪᠠᠶᠢᠵᠦ᠂ ᠠᠷᠠᠯᠵᠢᠶᠠᠨ ᠤ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠳᠠᠭ᠃ ᠬᠦᠷᠦᠭᠰᠡᠨ ᠲᠠᠸᠠᠷ ᠨᠢ ᠢᠮᠠᠭᠠᠨ ᠨᠣᠯᠤᠤᠷ᠂ ᠮᠠᠭᠠᠵᠢ᠂ ᠬᠥᠯᠳᠡᠭᠡᠭᠰᠡᠨ ᠶᠠᠰᠦ ᠲᠠᠢ ᠮᠢᠬ᠎ᠠ᠂ ᠴᠣᠯ ᠠᠳᠤᠭᠤᠨ ᠤ ᠮᠢᠬ᠎ᠠ ᠵᠡᠷᠭᠡ 4 ᠲᠥᠷᠥᠯ ᠳᠤ ᠲᠥᠪᠯᠡᠷᠡᠵᠦ ᠪᠠᠶᠢᠨ᠎ᠠ᠃ ᠣᠳᠣᠬᠠᠨ ᠳᠤ ᠪᠠᠶᠢᠩᠭᠤ ᠶᠢᠨ ᠠᠵᠢᠯᠯᠠᠭᠠᠨ ᠢ ᠪᠡᠶᠡᠯᠡᠭᠦᠯᠵᠦ᠂ ᠠᠷᠠᠯᠵᠢᠶᠠᠨ ᠤ ᠤᠯᠤᠰ ᠢ ᠲᠤᠰ ᠲᠤᠰ ᠮᠣᠩᠭᠤᠯ ᠤᠯᠤᠰ᠂ ᠣᠷᠣᠰ᠂ ᠪᠧᠯᠤᠷᠦ᠋ᠰᠢᠶ᠎ᠡ ᠵᠡᠷᠭᠡ 3 ᠤᠯᠤᠰ ᠲᠤ ᠬᠦᠷᠲᠡᠯ᠎ᠡ ᠥᠷᠭᠡᠳᠬᠡᠵᠡᠶ᠃    ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠢᠳᠡᠪᠬᠢᠲᠡᠶ ᠪᠠᠷ ᠠᠵᠢᠯᠯᠠᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ︽ᠨᠢᠭᠡ ᠰᠢᠰᠲ᠋ᠧᠮ ᠬᠤᠶᠠᠷ ᠲᠠᠪᠴᠠᠩ︾ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ︽ᠨᠠᠶᠢᠳᠠᠵᠤ ᠭᠤᠶᠤᠴᠢᠯᠠᠨ ᠮᠡᠳᠡᠭᠦᠯᠬᠦ︾ ︽ᠰᠢᠭᠤᠳ ᠨᠡᠪᠲᠡᠷᠡᠬᠦ ᠲᠡᠭᠡᠭᠡᠪᠦᠷᠢ︾᠂ ︽ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠨ ᠰᠢᠯᠭᠠᠬᠤ︾ ᠵᠡᠷᠭᠡ ᠠᠯᠢ ᠣᠯᠠᠨ ᠳᠥᠭᠦᠮᠴᠢᠯᠡᠭᠰᠡᠨ ᠠᠷᠭ᠎ᠠ ᠬᠡᠮᠵᠢᠶ᠎ᠡ ᠶᠢ ᠭᠦᠨᠵᠡᠭᠡᠶ ᠳᠥᠯᠭᠢᠨ ᠠᠬᠢᠭᠤᠯᠵᠤ᠂ ᠬᠢᠯᠢ ᠪᠠᠷ ᠣᠷᠣᠭᠤᠯᠬᠤ ᠠᠮᠤ ᠪᠤᠳᠠᠭ᠎ᠠ᠂ ᠮᠢᠬᠠᠨ ᠤ ᠵᠦᠢᠯ ᠢ ᠰᠢᠯᠵᠢᠭᠦᠯᠦᠨ ᠪᠠᠶᠢᠴᠠᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠡᠲᠡᠭᠡᠷ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠡᠳ᠋ᠰᠢᠭᠦᠯᠬᠦ ᠵᠠᠭᠪᠤᠷ ᠤᠨ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ᠂ ᠮᠢᠬᠠᠨ ᠤ ᠵᠦᠢᠯ ᠵᠡᠷᠭᠡ ᠨᠡᠶᠢᠲᠡ 226 ᠪᠦᠯᠦᠭ ᠤᠳᠠᠭ᠎ᠠ ᠬᠦᠷᠴᠦ᠂ ᠡᠳ᠋ᠰᠢᠭᠦᠯᠵᠦ ᠪᠣᠯᠪᠠᠰᠤᠷᠠᠭᠤᠯᠬᠤ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠲᠤᠭ᠎ᠠ 5.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 66.32% ᠨᠡᠮᠡᠭᠳᠡᠪᠡ᠃    ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠳᠥᠷᠪᠡᠳᠦᠭᠡᠷ ᠰᠠᠯᠠᠭᠠᠨ ᠤ ᠳᠡᠳ᠋ ᠳᠠᠷᠤᠭ᠎ᠠ ᠸᠠᠩ ᠵᠢᠶᠠ ᠸᠧᠶ ᠬᠡᠯᠡᠬᠦ ᠳᠡᠭᠡᠨ᠄ ︽ᠡᠷᠢᠶᠡᠨ ᠪᠣᠭᠤᠮᠲᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ︿ᠬᠢᠯᠢ ᠶᠢᠨ ᠠᠷᠠᠳ ᠪᠠᠶᠠᠵᠢᠬᠤ᠂ ᠬᠢᠯᠢ ᠶᠢᠨ ᠪᠣᠭᠤᠮᠲᠠ ᠭᠤᠸ᠎ᠠ ᠰᠠᠶᠢᠬᠠᠨ᠂ ᠬᠢᠯᠢ ᠬᠢᠵᠠᠭᠠᠷ ᠢᠶᠠᠨ ᠲᠣᠭᠲᠠᠭᠤᠨ ᠪᠠᠶᠢᠯᠭᠠᠬᠤ᠂ ᠬᠢᠯᠢ ᠶᠢᠨ ᠬᠠᠮᠠᠭᠠᠯᠠᠯᠲᠠ ᠶᠢ ᠪᠠᠬᠢᠵᠢᠬᠦ﹀ ᠶᠢ ᠴᠢᠷᠮᠠᠶᠢᠨ ᠪᠡᠶᠡᠯᠡᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠷᠭᠦᠯᠵᠢᠯᠡᠨ ᠲᠣᠭᠲᠠᠴᠠ ᠶᠢ ᠠᠮᠢᠳᠤᠯᠢᠭᠵᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠲᠠᠪᠴᠠᠩ ᠢ ᠬᠦᠴᠦᠷᠬᠡᠭᠵᠢᠭᠦᠯᠵᠦ᠂ ᠬᠠᠷᠢᠶ᠎ᠠ ᠣᠷᠣᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠬᠢᠯᠢ ᠬᠢᠵᠠᠭᠠᠷ ᠣᠷᠣᠨ ᠢᠶᠠᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠡᠷᠢᠶᠡᠨ ᠬᠤᠲᠠ ᠶᠢᠨ ᠭᠠᠳᠠᠭᠠᠳᠤ ᠠᠷᠠᠯᠵᠢᠶᠠᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠶ᠎ᠡ︾ ᠭᠡᠪᠡ᠃    ᠡᠨᠡ ᠵᠢᠯ ᠤᠨ ᠲᠦᠷᠦᠭᠦᠦ 11 ᠰᠠᠷ᠎ᠠ ᠳᠤ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠮᠵᠢᠶ᠎ᠡ 5.09  ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠣᠷᠣᠨ ᠤ ᠬᠠᠷᠢᠯᠴᠠᠨ ᠠᠷᠠᠯᠵᠢᠶᠠᠯᠠᠬᠤ ᠠᠷᠠᠯᠵᠢᠶᠠᠨ ᠤ ᠶᠡᠷᠦᠩᠬᠡᠢ ᠲᠤᠭ᠎ᠠ 7 ᠬᠤᠪᠢ ᠠᠴᠠ ᠳᠡᠭᠡᠭᠰᠢᠬᠢ ᠶᠢ ᠡᠵᠡᠯᠡᠵᠦ᠂ ᠬᠢᠯᠢ ᠶᠢᠨ ᠠᠷᠠᠳ ᠤᠨ 16 ᠲᠦᠮᠡᠨ ᠬᠥᠮᠦᠨ ᠤᠳᠠᠭ᠎ᠠ ᠶᠢ ᠳᠠᠪᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号