ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ᠂ ᠠᠷᠠᠳᠴᠢᠯᠠᠭᠰᠠᠨ ᠨᠠᠮ ᠪᠦᠯᠦᠭ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/12/2
   11 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃    ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠠᠵᠤ ᠠᠬᠤᠢ ᠶᠢᠨ ᠬᠥᠭᠵᠢᠯᠲᠡ ᠶᠢᠨ ᠬᠥᠮᠦᠨ ᠠᠮᠠ ᠳᠠᠬᠢ ᠢᠳᠡᠪᠬᠢ ᠦᠢᠯᠡᠳᠦᠯ ᠢ ᠪᠠᠳᠠᠷᠠᠭᠤᠯᠵᠤ᠂ ᠨᠡᠩ ᠤᠯᠠᠨ ᠬᠥᠮᠦᠰ ᠢ ᠡᠷᠢᠶᠡᠨ ᠬᠤᠳᠠ ᠳᠤ ᠨᠤᠲᠤᠭᠰᠢᠭᠤᠯᠵᠤ᠂ ᠡᠷᠢᠶᠡᠨ ᠬᠤᠳᠠ ᠳᠤ ᠪᠡᠯᠡ ᠣᠷᠣᠭᠤᠯᠤᠨ ᠦᠢᠯᠡᠰ ᠪᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶ᠎ᠠ᠂ ᠰᠤᠷᠭᠠᠨ ᠬᠥᠮᠦᠵᠢᠯ ᠡᠮ ᠡᠮᠨᠡᠯᠭᠡ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠵᠡᠷᠭᠡ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠬᠠᠨᠳᠤᠯᠭᠠᠲᠤ ᠴᠢᠨᠠᠷᠲᠠᠶ ᠪᠠᠷ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠴᠢᠳᠠᠪᠤᠷᠢᠲᠠᠨ ᠢ ᠦᠯᠡᠳᠡᠭᠡᠬᠦ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠵᠤ᠂ ᠴᠢᠨᠠᠷ ᠰᠠᠶᠢᠲᠠᠶ ᠬᠥᠮᠦᠨ ᠠᠮᠠ ᠶᠢᠨ ᠡᠬᠢ ᠪᠠᠶᠠᠯᠢᠭ ᠢ ︽ᠣᠷᠣᠭᠤᠯᠬᠤ︾ ᠠᠴᠠ ︽ᠦᠯᠡᠳᠡᠭᠡᠬᠦ︾ ᠪᠣᠯᠭᠠᠬᠤ ᠬᠡᠷᠡᠭᠲᠡᠶ᠃ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠵᠤ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠰᠤᠵᠢᠯ ᠤᠨ ᠠᠵᠢᠯ ᠢ ᠰᠠᠶᠢᠲᠤᠷ ᠬᠢᠵᠦ᠂ ᠬᠥᠮᠦᠨ ᠠᠮᠠ ᠶᠢᠨ ᠰᠠᠭᠤᠷᠢ ᠲᠤᠭ᠎ᠠ ᠶᠢ ᠤᠯᠠᠮ ᠴᠢᠨᠠᠭᠰᠢᠳᠠ ᠪᠤᠵᠠᠭᠠᠶᠢᠷᠠᠭᠤᠯᠵᠤ᠂ ᠬᠥᠮᠦᠨ ᠠᠮᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠪᠣᠯᠤᠨ ᠪᠦᠬᠦ ᠠᠶᠢᠮᠠᠭ ᠤᠨ ᠲᠣᠭᠲᠠᠭᠤᠨ ᠢ ᠬᠠᠮᠠᠭᠠᠯᠠᠬᠤ ᠵᠢᠴᠢ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠬᠠᠤᠯᠢᠵᠢᠭᠤᠯᠬᠤ᠂ ᠵᠢᠷᠤᠮᠵᠢᠭᠤᠯᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ᠂ ᠠᠷᠠᠳ ᠲᠦᠮᠡᠨ ᠤ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠮᠣᠩᠭᠤᠯ ᠤᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠠᠯᠤᠰᠯᠠᠭᠰᠠᠨ ᠬᠡᠷᠡᠭ ᠲᠤ ᠬᠠᠮᠲᠤᠷᠠᠨ ᠴᠣᠬᠢᠯᠲᠠ ᠥᠭᠬᠦ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ᠬᠢᠯᠢ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠶ᠃    ᠬᠤᠷᠠᠯ ᠠᠴᠠ 2024 ᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠤᠨ ᠪᠠᠶᠢᠳᠠᠯ ᠪᠣᠯᠤᠨ 2025 ᠣᠨ ᠤ ᠠᠵᠢᠯ ᠤᠨ ᠲᠥᠯᠥᠪᠵᠢᠭᠦᠯᠭᠡ ᠶᠢᠨ ᠪᠠᠶᠢᠳᠠᠯ ᠢ ᠰᠣᠨᠣᠰᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠥᠨᠳᠥᠷ ᠵᠣᠭᠰᠣᠴᠠ᠂ ᠨᠡᠩ ᠰᠢᠯᠢᠳᠡᠭ ᠵᠠᠭᠪᠤᠷ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠡᠯᠡ ᠮᠥᠩᠭᠦ ᠨᠢᠭᠡᠪᠦᠷᠢ ᠶᠢ ᠰᠠᠶᠢᠲᠤᠷ ᠬᠡᠷᠡᠭᠯᠡᠵᠦ᠂ ᠢᠷᠡᠬᠦ ᠵᠢᠯ ᠪᠣᠯᠤᠨ ᠬᠤᠶᠢᠰᠢᠳᠠ ᠶᠢᠨ ᠨᠢᠭᠡ ᠬᠤᠭᠤᠴᠠᠭᠠᠨ ᠤ ᠵᠠᠰᠠᠯᠲᠠ ᠶᠢᠨ ᠲᠦᠷᠦᠯ ᠵᠦᠢᠯ ᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ᠂ ᠵᠠᠰᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠳᠤ ᠠᠮᠢ ᠠᠬᠤᠢ ᠶᠢᠨ ᠵᠠᠰᠠᠯᠲᠠ ᠶᠢᠨ ᠠᠪᠴᠢᠷᠠᠭᠰᠠᠨ ᠠᠰᠢᠭ ᠲᠤᠰᠠ ᠶᠢ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠬᠤᠯᠪᠣᠭ᠎ᠠ᠂ ᠠᠷᠠᠳᠴᠢᠯᠠᠭᠰᠠᠨ ᠨᠠᠮ ᠪᠦᠯᠦᠭ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠣᠨᠣᠰᠴᠤ᠂ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号