| | ︽ᠤᠴᠢᠷ ᠶᠠᠪᠤᠳᠠᠯ ᠬᠡᠳᠦ᠋ᠢᠪᠡᠷ ᠪᠠᠭ᠎ᠠ ᠪᠣᠯᠪᠠᠴᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ | ᠪᠠᠭ᠎ᠠ ᠶᠠᠪᠤᠳᠠᠯ ᠢ ᠶᠡᠭᠡ ᠶᠠᠪᠤᠳᠠᠯ ᠪᠣᠯᠭᠠᠨ ᠰᠢᠢᠳᠪᠦᠷᠢᠯᠡᠵᠦ ᠪᠠᠶᠢᠨ᠎ᠠ︾ ᠭᠡᠵᠦ ᠬᠤᠳᠠ ᠶᠢᠨ ᠠᠷᠠᠳ ᠸᠠᠩ ᠠᠪᠤᠭᠠᠢ | 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢ ᠵᠠᠯᠭᠠᠭ᠎ᠠ ᠪᠠᠷ | ᠮᠠᠭᠲᠠᠨ ᠰᠠᠶᠢᠰᠢᠶᠠᠪᠠ᠃ ᠡᠨᠡ ᠵᠢᠯ ᠠᠴᠠ ᠨᠠᠰᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠬᠠᠯᠠᠮᠰᠢᠯ ᠤᠲᠠᠰᠤ ᠶᠢᠨ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ | ᠭᠥᠯᠢᠶᠡᠨ ᠠᠪᠬᠤ᠂ ᠲᠣᠮᠢᠯᠠᠬᠤ᠂ ᠭᠦᠢᠴᠡᠳᠭᠡᠬᠦ᠂ ᠱᠠᠯᠠᠪᠳᠠᠭᠤᠯᠬᠤ︾ ᠠᠵᠢᠯ ᠤᠨ ᠭᠤᠭᠴᠤᠭ᠎ᠠ ᠶᠢ ᠪᠦᠷᠢᠨᠰᠢᠬᠦᠯᠵᠦ᠂ ᠡᠯ᠎ᠡ | ᠲᠥᠷᠥᠯ ᠤᠨ ᠦᠢᠯᠡᠴᠢᠯᠡᠭᠡᠨ ᠤ ᠠᠵᠢᠯ ᠤᠨ ᠬᠠᠭᠤᠳᠠᠰᠤ ᠶᠢ ᠶᠡᠷᠦᠩᠬᠡᠶᠢᠯᠡᠨ ᠲᠦᠷᠭᠡᠳᠬᠡᠵᠦ᠂ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠪᠠ᠃ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ︽ | ᠠᠰᠠᠭᠤᠳᠠᠯ ᠲᠠᠢ ᠪᠣᠯ 12345 ᠳᠤ ᠤᠲᠠᠰᠤᠳᠠᠬᠤ︾ ᠶᠠᠪᠤᠳᠠᠯ ᠨᠢ ᠬᠤᠲᠠ ᠶᠢᠨ ᠠᠷᠠᠳ ᠤᠨ ᠥᠷᠭᠡᠨ ᠳᠡᠯᠭᠡᠷ | ᠬᠠᠮᠲᠤ ᠶᠢᠨ ᠲᠠᠨᠢᠯᠲᠠ ᠪᠣᠯᠤᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠮᠠᠨ ᠤ ᠬᠤᠲᠠ ᠶᠢᠨ ︽12345︾ ᠠᠵᠢᠯ ᠤᠨ | ᠥᠷᠲᠡᠭᠡ ᠶᠢᠨ ᠠᠶᠢᠮᠠᠭ ᠤᠨ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠤᠨ ᠭᠤᠮᠣᠳᠠᠯ ᠱᠠᠭᠠᠷᠳᠠᠯᠭ᠎ᠠ ᠶᠢᠨ ᠬᠡᠷᠡᠭ ᠢ 16417 ᠬᠤᠪᠢ ᠭᠥᠯᠢᠶᠡᠨ | ᠠᠪᠴᠤ᠂ ᠪᠦᠬᠦᠨ ᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠲᠣᠮᠢᠯᠠᠵᠤ ᠰᠢᠢᠳᠪᠦᠷᠢᠯᠡᠭᠦᠯᠪᠡ᠃ | ᠡᠭᠦᠨ ᠳᠤ ᠰᠢᠯᠵᠢᠭᠦᠯᠦᠨ ᠲᠣᠮᠢᠯᠠᠭᠰᠠᠨ ᠠᠵᠢᠯᠴᠢᠨ ᠤ ᠬᠠᠭᠤᠳᠠᠰᠤ 5 656 ᠬᠤᠪᠢ᠂ ᠰᠢᠭᠤᠳ ᠭᠦᠢᠴᠡᠳᠬᠡᠭᠰᠡᠨ | ᠠᠵᠢᠯ ᠤᠨ ᠬᠠᠭᠤᠳᠠᠰᠤ 10761 ᠬᠤᠪᠢ ᠪᠠᠶᠢᠪᠠ᠃ ᠰᠢᠯᠵᠢᠭᠦᠯᠦᠨ ᠭᠦᠢᠴᠡᠳᠭᠡᠬᠦ ᠠᠵᠢᠯ ᠤᠨ ᠬᠠᠭᠤᠳᠠᠰᠤᠨ ᠳᠤ | ᠨᠢᠭᠡᠨᠲᠡ ᠰᠢᠢᠳᠪᠦᠷᠢᠯᠡᠭᠰᠡᠨ ᠪᠠ ᠰᠢᠢᠳᠪᠣᠷᠢᠯᠡᠭᠰᠡᠨ ᠳᠤ ᠬᠠᠨᠤᠮᠵᠢᠲᠠᠶ ᠨᠢ 4383 ᠬᠤᠪᠢ ᠪᠠᠶᠢᠵᠤ᠂ ᠬᠦᠯᠢᠶᠡᠨ ᠠᠪᠬᠤ | ᠬᠡᠪᠴᠢᠶᠡᠨ ᠠᠴᠠ ᠭᠠᠳᠠᠨᠠᠬᠢ 1232 ᠬᠤᠪᠢ ᠶᠢ ᠳᠡᠭᠡᠭᠰᠢ ᠮᠡᠳᠡᠭᠦᠯᠦᠭᠰᠡᠨ ᠦᠭᠡᠢ᠂ ᠦᠯᠡᠳᠡᠭᠰᠡᠨ 41 ᠬᠤᠪᠢ ᠶᠢ ᠨᠢ | ᠶᠠᠭ ᠰᠢᠢᠳᠪᠦᠷᠢᠯᠡᠵᠦ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ | ᠴᠠᠬᠢᠯᠭᠠᠨ ᠬᠠᠩᠭᠠᠬᠤ ᠵᠢᠴᠢ ᠵᠠᠮ ᠢ ᠰᠡᠯᠪᠢᠨ ᠵᠠᠰᠠᠬᠤ᠂ ᠬᠤᠳᠳᠤᠭ ᠤᠨ ᠠᠮᠠᠰᠠᠷ ᠡᠪᠳᠡᠷᠡᠭᠰᠡᠨ᠂ ᠲᠦᠷᠭᠡᠨ ᠬᠦᠷᠭᠡᠯᠲᠡ᠂ | ᠲᠦᠷᠢᠶᠡᠰᠦᠨ ᠮᠠᠰᠢᠨ ᠲᠡᠷᠭᠡ ᠶᠢᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠨᠢ ᠬᠠᠯᠠᠮ ᠴᠡᠭ ᠤᠨ ᠬᠦᠰᠡᠯ ᠱᠠᠭᠠᠷᠳᠠᠯᠭ᠎ᠠ | ᠪᠣᠯᠵᠦ ᠪᠠᠶᠢᠨ᠎ᠠ᠃ | ᠡᠨᠡ ᠵᠢᠯ ᠠᠴᠠ ᠨᠠᠰᠢ᠂ 12345 ᠬᠠᠯᠠᠮᠰᠢᠯ ᠤᠲᠠᠰᠤ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ | ᠰᠠᠶᠢᠲᠤᠷ ᠰᠢᠢᠳᠪᠦᠷᠢᠯᠡᠵᠦ᠂ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠭᠡᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠬᠤᠲᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ ᠵᠡᠷᠭᠡ ᠣᠯᠠᠨ ᠬᠦᠷᠢᠶᠡᠨ ᠳᠤ ᠭᠠᠷᠴᠤ ᠮᠡᠳᠡᠬᠦ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠤᠳᠤᠯᠤᠨ ᠮᠠᠭᠠᠳᠯᠠᠵᠤ᠂ ᠡᠷᠬᠡ ᠰᠦᠷᠲᠦ ᠣᠨᠣᠪᠴᠢᠲᠠᠶ᠂ ᠪᠠᠷᠢᠮᠵᠢᠶ᠎ᠠ ᠨᠢ | ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ 12345 ᠬᠠᠯᠠᠮᠰᠢᠯ | ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠪᠠ᠃ ᠨᠡᠶᠢᠲᠡᠯᠢᠭ ᠴᠢᠨᠠᠷᠲᠠᠶ ᠠᠰᠠᠭᠤᠳᠠᠯ ᠳᠤ ᠴᠠᠭ ᠲᠤᠬᠠᠶ ᠳᠤᠨᠢ | ᠨᠢᠭᠡᠳᠦᠯᠲᠡᠶ ᠬᠠᠷᠢᠭᠤᠯᠲᠠ ᠥᠭᠴᠦ᠂ ᠣᠯᠠᠨ ᠲᠦᠮᠡᠨ ᠳᠤ ᠲᠡᠷᠡ ᠳᠠᠷᠤᠶ ᠳᠤᠨᠢ ᠬᠠᠷᠢᠭᠤᠯᠲᠠ ᠥᠭᠴᠦ᠂ ᠡᠭᠦᠨ ᠤ | ᠤᠯᠠᠮ ᠠᠴᠠ ᠬᠠᠯᠠᠮ ᠤᠲᠠᠰᠤᠨ ᠤ ᠰᠢᠭᠤᠳ ᠬᠠᠷᠢᠭᠤᠯᠲᠠ ᠥᠭᠬᠦ ᠨᠣᠷᠮ᠎ᠠ ᠶᠢ ᠳᠡᠭᠡᠭᠰᠢᠯᠡᠬᠦᠯᠦᠨ᠎ᠡ᠃ ᠣᠯᠠᠨ ᠲᠦᠮᠡᠨ | ᠬᠦᠰᠡᠯ ᠱᠠᠭᠠᠷᠳᠠᠯᠭ᠎ᠠ ᠳᠤᠷᠠᠳᠳᠠᠭ ᠯᠠ ᠶᠤᠮ ᠪᠣᠯ 12345 ᠬᠠᠯᠠᠮᠰᠢᠯ ᠤᠲᠠᠰᠤ ᠶᠢ ᠴᠥᠮ ᠲᠡᠷᠡ ᠳᠠᠷᠤᠶ ᠳᠤᠨᠢ | ᠴᠤᠤᠷᠢᠶᠠᠳᠤᠨ ᠳᠠᠭᠠᠵᠤ᠂ ᠦᠳᠲᠡᠷ ᠲᠦᠷᠭᠡᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ | ᠰᠢᠯᠵᠢᠭᠦᠯᠦᠨ ᠬᠦᠢᠴᠡᠳᠬᠡᠬᠦ ᠶᠢᠨ ᠬᠠᠮᠲᠤ ᠠᠰᠠᠭᠤᠳᠠᠯ ᠤᠨ ᠠᠬᠢᠴᠠ ᠶᠢ ᠦᠷᠭᠦᠯᠵᠢᠯᠡᠨ ᠮᠥᠷᠳᠡᠨ᠎ᠡ᠃ ᠡᠭᠦᠨ ᠤ ᠬᠠᠮᠲᠤ᠂ | ᠭᠤᠮᠣᠳᠠᠯ ᠲᠣᠭᠠᠴᠢᠯᠲᠠ ᠶᠢᠨ ᠬᠦᠴᠢᠷ ᠲᠦᠪᠡᠭᠲᠡᠶ ᠬᠡᠮᠵᠢᠶ᠎ᠡ ᠳᠤ ᠴᠢᠭᠯᠡᠭᠦᠯᠦᠨ ᠠᠵᠢᠯ ᠤᠨ ᠬᠠᠭᠤᠳᠠᠰᠤ ᠭᠦᠢᠴᠡᠳᠭᠡᠬᠦ | ᠴᠠᠭ ᠤᠨ ᠬᠢᠵᠠᠭᠠᠷ ᠳᠤ ᠲᠣᠬᠢᠷᠠᠭᠤᠯᠤᠯᠲᠠ ᠬᠢᠨ᠎ᠠ᠂ ᠳᠠᠷᠤᠶ ᠭᠦᠢᠴᠡᠳᠭᠡᠬᠦ ᠵᠦᠢᠯ ᠢ 2 ᠡᠳᠦᠷ ᠤᠨ ᠳᠣᠲᠣᠷ᠎ᠠ | ᠭᠦᠢᠴᠡᠳᠭᠡᠵᠣ ᠳᠠᠭᠤᠰᠬᠠᠨ᠎ᠠ᠂ ᠠᠰᠠᠭᠤᠨ ᠯᠠᠪᠯᠠᠬᠤ ᠪᠤᠰᠤ ᠲᠥᠷᠥᠯ ᠤᠨ ᠠᠵᠢᠯ ᠤᠨ ᠬᠠᠭᠤᠳᠠᠰᠤ ᠶᠢ ᠲᠣᠭᠲᠠᠭᠰᠠᠨ ᠴᠠᠭ | ᠬᠤᠭᠤᠴᠠᠭᠠᠨ ᠤ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ᠃ ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ | ᠪᠤᠳᠤᠯᠢᠶᠠᠨᠲᠠᠶ ᠬᠡᠷᠡᠭ ᠲᠤ᠂ ᠬᠠᠮᠲᠤᠷᠠᠨ ᠠᠵᠢᠯᠯᠠᠬᠤ ᠠᠷᠭ᠎ᠠ ᠮᠠᠶ᠋ᠢᠭ ᠢᠶᠠᠷ ᠲᠥᠪᠯᠡᠷᠡᠭᠦᠯᠦᠨ ᠪᠣᠭᠤᠮᠲᠠ ᠰᠢᠪᠲᠤᠯᠵᠤ᠂ | ᠠᠵᠢᠯ ᠤᠨ ᠬᠠᠭᠤᠳᠠᠰᠤ ᠶᠢ ᠦᠨᠡᠨ ᠬᠦ ᠨᠠᠩ ᠲᠦᠷᠭᠡᠨ᠂ ᠨᠠᠩ ᠰᠠᠶᠢᠨ᠂ ᠨᠠᠩ ᠪᠣᠳᠠᠲᠠᠶ ᠡᠷᠭᠢᠯᠡᠵᠦ᠂ ᠣᠯᠠᠨ ᠲᠦᠮᠡᠨ ᠤ | ᠲᠤᠰᠬᠠᠭᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠳᠣᠯᠠᠨ᠎ᠠ᠃ |