【 ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ 】 ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠳᠠᠬᠢ ᠬᠤᠪᠢᠶᠠᠷᠢ ᠪᠠᠩᠬᠢ ᠮᠥᠩᠭᠦᠨ ᠭᠦᠢᠯᠭᠡᠭᠡ ᠪᠠᠷ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠶᠢ ᠳᠡᠮᠵᠢᠪᠡ
ᠨᠡᠶᠢᠲᠡᠯᠡᠭᠰᠡᠨ ᠴᠠᠭ᠄
2024/12/2
    ᠰᠠᠯᠬᠢ ᠶᠢ ᠰᠡᠷᠬᠡᠶᠢᠯᠡᠵᠦ ᠡᠯᠡᠰᠦ ᠶᠢ ᠵᠠᠰᠠᠬᠤ ᠮᠥᠩᠭᠦᠨ ᠭᠦᠢᠯᠭᠡᠭᠡᠨ ᠤ ᠲᠤᠰᠠᠯᠠᠮᠵᠢ᠃ 11 ᠰᠠᠷ᠎ᠠ ᠶᠢᠨ 28 ᠤ ᠡᠳᠦᠷ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠪᠣᠯᠤᠨ ᠲᠠᠷᠢᠶᠠᠯᠠᠩ ᠤᠨ ᠪᠠᠩᠬᠢ ᠶᠢᠨ ᠡᠷᠢᠶᠡᠨ ᠬᠤᠳᠠ ᠳᠠᠬᠢ ᠬᠤᠪᠢᠶᠠᠷᠢ ᠪᠠᠩᠬᠢ ᠠᠴᠠ ︽ᠮᠥᠩᠭᠦᠨ ᠬᠦᠢᠯᠭᠡᠭᠡᠨ ᠤ ᠳᠣᠰᠠᠯᠠᠮᠵᠢ ᠪᠠᠷ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠨᠣᠭᠤᠭᠠᠷᠠᠭᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠳᠤ ᠬᠦᠴᠦ ᠨᠡᠮᠡᠷᠢᠯᠡᠬᠦ︾ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠥᠩᠭᠦᠨ ᠭᠦᠢᠯᠭᠡᠭᠡᠨ ᠤ ᠬᠦᠴᠦᠨ ᠢᠶᠠᠷ ᠡᠯᠡᠰᠦᠷᠬᠡᠭ ᠭᠠᠵᠠᠷ ᠢ ᠵᠠᠰᠠᠬᠤ ᠶᠢ ᠠᠬᠢᠭᠤᠯᠪᠠ᠃     ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠪᠣᠯ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠨ ᠣᠶᠢᠷ᠎ᠠ ᠪᠠᠶᠢᠭ᠎ᠠ ᠪᠠᠶᠢᠭᠠᠯᠢ ᠶᠢᠨ ᠰᠠᠯᠬᠢ ᠡᠯᠡᠰᠦᠨ ᠤ ᠡᠬᠢ ᠰᠤᠷᠪᠤᠯᠵᠢ ᠪᠠᠶᠢᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠤᠭᠰᠠᠨ ᠤ ᠬᠤᠪᠢ ᠳᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠪᠣᠯ ᠮᠠᠨ ᠤ ᠬᠤᠲᠠ ᠶᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠲᠣᠰ ᠤᠳᠠᠭᠠᠨ ᠤ ᠭᠡᠷ᠎ᠡ ᠲᠣᠭᠲᠠᠭᠰᠠᠨ ᠨᠢ ᠮᠠᠨ ᠤ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠰᠢᠨ᠎ᠡ ᠳᠡᠭᠲᠡᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠪᠣᠬᠢᠷᠲᠤᠯ ᠥᠬᠡᠶ ᠮᠥᠩᠭᠦᠨ ᠭᠦᠢᠯᠭᠡᠭᠡᠨ ᠤ ᠰᠢᠨ᠎ᠡ ᠳᠠᠪᠠᠭᠤᠯᠢᠭ ᠢ ᠲᠦᠷᠭᠡᠳᠬᠡᠨ ᠪᠤᠶᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠲᠣᠭᠤᠷᠢᠨ ᠳᠤ ︽ᠲᠠᠷᠢᠶᠠᠯᠠᠩ ᠪᠠᠩᠬᠢ ᠶᠢᠨ ᠠᠮᠢ ᠠᠬᠤᠶ ᠶᠢᠨ ᠵᠢᠭᠡᠯᠡᠯᠭᠡ︾ ᠶᠢᠨ ᠰᠢᠷᠢᠰ ᠭᠤᠤᠯᠳᠠᠯᠭ᠎ᠠ ᠲᠠᠢ ᠦᠢᠯᠡᠳᠬᠦᠨ ᠵᠡᠷᠭᠡ ᠣᠯᠠᠨ ᠵᠦᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠦᠷᠢᠶᠡᠨ ᠳᠠᠬᠢ ᠡᠯ᠎ᠡ ᠲᠥᠷᠥᠯ ᠤᠨ ᠭᠤᠤᠯ ᠴᠣᠭᠴᠠ ᠶᠢᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠭᠦᠨ ᠤ ᠬᠠᠮᠲᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠷᠥᠯ ᠵᠦᠢᠯ᠂ ᠠᠮᠢ ᠠᠬᠤᠶ ᠶᠢᠨ ᠠᠷᠠᠳ ᠢ ᠪᠠᠶᠠᠵᠢᠭᠤᠯᠬᠤ ᠢᠨᠵᠧᠨᠧᠷᠢᠩ ᠵᠢᠴᠢ ᠮᠠᠯᠴᠢᠨ ᠲᠠᠷᠢᠶᠠᠴᠢᠨ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠳᠡᠮᠵᠢᠵᠦ᠂ ᠬᠠᠷᠠᠭᠠᠯᠵᠠᠯᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠂ ᠠᠮᠢᠳᠤᠯᠢᠭ ᠪᠥᠭᠡᠳ ᠣᠯᠠᠨ ᠶᠠᠩᠵᠤ ᠶᠢᠨ ᠳᠠᠭᠠᠭᠠᠯᠲᠠ ᠶᠢᠨ ᠠᠷᠭ᠎ᠠ ᠮᠠᠶ᠋ᠢᠭ ᠵᠢᠴᠢ ᠳᠥᠭᠦᠮ ᠳᠥᠲᠡ ᠵᠢᠭᠡᠯᠡᠯᠭᠡ ᠶᠢᠨ ᠳᠡᠰ ᠳᠠᠷᠠᠭᠠᠯᠠᠯ ᠢᠶᠠᠷ ᠳᠠᠮᠵᠢᠭᠤᠯᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠭᠴᠢ ᠳᠠᠶᠢᠨ ᠳᠤ ᠲᠠᠰᠤᠷᠠᠯᠲᠠ ᠤᠢᠭᠡᠢ ᠮᠥᠩᠭᠦᠨ ᠭᠦᠢᠯᠭᠡᠭᠡᠨ ᠤ ︽ᠠᠮᠢᠳᠤ ᠤᠰᠤ︾ ᠨᠡᠮᠡᠷᠢᠯᠡᠨ᠎ᠡ᠃     ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ ᠳᠣᠯᠠᠳᠠ᠂ ᠲᠥᠷᠥᠯ ᠵᠦᠢᠯ ᠤᠨ ᠬᠤᠷᠰᠢᠶ᠎ᠠ ᠪᠠ ᠮᠠᠯᠵᠢᠬᠤ ᠲᠠᠷᠢᠶᠠᠯᠠᠬᠤ ᠡᠷᠦᠬᠡ ᠳᠤ ᠨᠠᠩ ᠰᠠᠶᠢᠲᠤᠷ ᠦᠢᠯᠡᠴᠢᠯᠡᠵᠦ᠂ ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠡᠯ᠎ᠡ ᠵᠦᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠠᠮᠢ ᠠᠬᠤᠶ ᠶᠢᠨ ᠵᠠᠰᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠨᠡᠮᠡᠷᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号