11 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠮᠠ ᠬᠠᠢ | ᠲᠤᠤ ᠬᠤᠳᠠ ᠶᠢᠨ ᠵᠠᠰᠠᠭ ᠤᠨ ᠣᠷᠳᠣᠨ ᠤ 2024 ᠣᠨ ᠤ 22 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠵᠢᠴᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠬᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠪᠣᠭᠤᠮᠲᠠ ᠶᠢᠨ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠥᠨᠳᠦᠷᠯᠢᠭ ᠢ ᠲᠦᠷᠭᠡᠨ | ᠪᠠᠶᠢᠭᠤᠯᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ | ᠤᠯᠠᠨ ᠨᠡᠶᠢᠲᠡ ᠶᠢᠨ ᠠᠮᠤᠷ ᠲᠦᠪᠰᠢᠨ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠣᠯᠬᠤ ᠶᠢ ᠢᠮᠠᠭᠲᠠ | ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠢ | ᠬᠠᠷᠭᠤᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠦᠨᠵᠡᠭᠡᠢ ᠰᠤᠷᠭᠠᠮᠵᠢ ᠠᠪᠴᠤ᠂ | ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠢᠳᠡᠪᠬᠢᠲᠡᠢ ᠵᠢᠯᠣᠭᠤᠳᠴᠤ᠂ ᠪᠦᠬᠦ ᠬᠤᠳᠠ ᠶᠢᠨ ᠠᠷᠠᠳ ᠲᠦᠮᠡᠨ ᠳᠤ | ᠠᠮᠤᠷ ᠲᠠᠶᠢᠪᠤᠩ ᠠᠵᠤ ᠲᠦᠷᠦᠭᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ | ᠴᠢᠬᠤᠯᠠᠴᠢᠯᠠᠪᠠ᠃ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠭᠦᠨᠵᠡᠭᠡᠢ | ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠬᠦᠷᠢᠶᠡᠨ ᠤ ᠠᠳᠡᠯ ᠤᠨ ᠠᠶᠤᠯ ᠲᠦᠭᠰᠢᠭᠦᠷᠢ ᠠᠮᠠᠷᠬᠠᠨ ᠡᠭᠦᠰᠬᠦ | ᠤᠯᠠᠨ ᠡᠭᠦᠰᠬᠦ ᠴᠡᠭ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠠᠯᠠᠪᠤᠷ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠨᠡᠶᠢᠭᠡᠮ ᠤᠨ ᠠᠮᠤᠷ | ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠱᠠᠯᠢᠭ ᠵᠠᠪᠬᠠᠶ ᠵᠦᠢᠯ᠂ | ᠵᠣᠭᠤᠰ ᠨᠠᠭᠠᠳᠬᠤ᠂ ᠬᠤᠤᠷᠲᠤ ᠡᠳ᠋ ᠫᠠᠨᠽᠠᠯᠠᠬᠤ᠂ ᠢᠳᠡᠭᠡᠨ ᠪᠠ ᠡᠮ ᠤᠨ ᠵᠦᠢᠯ ᠵᠢᠴᠢ ᠴᠠᠬᠢᠯᠭᠠᠨ ᠬᠤᠯᠪᠣᠭ᠎ᠠ ᠪᠠ | ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ | ᠬᠡᠷᠡᠭᠲᠡᠶ᠃ ᠲᠣᠰ ᠲᠣᠰ ᠤᠨ ᠬᠦᠷᠢᠶᠡᠨ ᠳᠠᠬᠢ ᠠᠶᠤᠯ ᠲᠦᠭᠰᠢᠭᠦᠷᠢ ᠵᠥᠷᠢᠴᠡᠯ ᠢ ᠡᠬᠢ ᠡᠭᠦᠰᠦᠯ ᠠᠴᠠ ᠨᠢ | ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠪᠠᠨ ᠢᠯᠡᠳᠬᠡᠬᠦ ᠵᠠᠮ ᠢ ᠰᠠᠭᠠᠳ ᠥᠬᠡᠶ ᠨᠡᠪᠲᠡᠷᠡᠭᠦᠯᠬᠦ ᠪᠠ ᠵᠢᠷᠤᠮᠵᠢᠭᠤᠯᠵᠤ᠂ ᠠᠷᠠᠳ ᠤᠨ | ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯᠲᠡᠶ᠂ ᠬᠦᠨᠳᠦ ᠡᠪᠡᠳᠴᠢᠨ ᠲᠠᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ | ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠣᠯᠠᠨ ᠲᠦᠮᠡᠨ ᠤ ᠬᠦᠴᠢᠷᠳᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ | | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠶᠠᠪᠤᠳᠠᠯ ᠢ ᠰᠤᠳᠤᠯᠤᠨ ᠪᠠᠲᠤᠯᠠᠪᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠪᠢᠴᠢᠭ ᠢᠶᠠᠷ ᠰᠤᠳᠤᠯᠤᠨ ᠶᠠᠷᠢᠯᠴᠠᠪᠠ᠃ |