12345 ᠬᠠᠯᠠᠮᠰᠢᠯ ᠤᠲᠠᠰᠤ ᠨᠢ ᠣᠯᠠᠨ ᠲᠦᠮᠡᠨ ᠤ ᠢᠳᠡᠬᠡᠯ ᠢ ᠶᠡᠬᠡᠳᠡ ᠣᠯᠵᠦ ᠪᠠᠶᠢᠨ᠎ᠠ
ᠨᠡᠶᠢᠲᠡᠯᠡᠭᠰᠡᠨ ᠴᠠᠭ᠄
2024/12/2
    ︽ᠤᠴᠢᠷ ᠶᠠᠪᠤᠳᠠᠯ ᠬᠡᠳᠦ᠋ᠢᠪᠡᠷ ᠪᠠᠭ᠎ᠠ ᠪᠣᠯᠪᠠᠴᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠪᠠᠭ᠎ᠠ ᠶᠠᠪᠤᠳᠠᠯ ᠢ ᠶᠡᠭᠡ ᠶᠠᠪᠤᠳᠠᠯ ᠪᠣᠯᠭᠠᠨ ᠰᠢᠢᠳᠪᠦᠷᠢᠯᠡᠵᠦ ᠪᠠᠶᠢᠨ᠎ᠠ︾ ᠭᠡᠵᠦ ᠬᠤᠳᠠ ᠶᠢᠨ ᠠᠷᠠᠳ ᠸᠠᠩ ᠠᠪᠤᠭᠠᠢ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢ ᠵᠠᠯᠭᠠᠭ᠎ᠠ ᠪᠠᠷ ᠮᠠᠭᠲᠠᠨ ᠰᠠᠶᠢᠰᠢᠶᠠᠪᠠ᠃ ᠡᠨᠡ ᠵᠢᠯ ᠠᠴᠠ ᠨᠠᠰᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠬᠠᠯᠠᠮᠰᠢᠯ ᠤᠲᠠᠰᠤ ᠶᠢᠨ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠭᠥᠯᠢᠶᠡᠨ ᠠᠪᠬᠤ᠂ ᠲᠣᠮᠢᠯᠠᠬᠤ᠂ ᠭᠦᠢᠴᠡᠳᠭᠡᠬᠦ᠂ ᠱᠠᠯᠠᠪᠳᠠᠭᠤᠯᠬᠤ︾ ᠠᠵᠢᠯ ᠤᠨ ᠭᠤᠭᠴᠤᠭ᠎ᠠ ᠶᠢ ᠪᠦᠷᠢᠨᠰᠢᠬᠦᠯᠵᠦ᠂ ᠡᠯ᠎ᠡ ᠲᠥᠷᠥᠯ ᠤᠨ ᠦᠢᠯᠡᠴᠢᠯᠡᠭᠡᠨ ᠤ ᠠᠵᠢᠯ ᠤᠨ ᠬᠠᠭᠤᠳᠠᠰᠤ ᠶᠢ ᠶᠡᠷᠦᠩᠬᠡᠶᠢᠯᠡᠨ ᠲᠦᠷᠭᠡᠳᠬᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠪᠠ᠃      ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ ᠂ ︽ᠠᠰᠠᠭᠤᠳᠠᠯ ᠲᠠᠢ ᠪᠣᠯ 12345 ᠳᠤ ᠤᠲᠠᠰᠤᠳᠠᠬᠤ︾ ᠶᠠᠪᠤᠳᠠᠯ ᠨᠢ ᠬᠤᠲᠠ ᠶᠢᠨ ᠠᠷᠠᠳ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠤᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠮᠠᠨ ᠤ ᠬᠤᠲᠠ ᠶᠢᠨ ︽12345 ︾ ᠠᠵᠢᠯ ᠤᠨ ᠥᠷᠲᠡᠭᠡ ᠶᠢᠨ ᠠᠶᠢᠮᠠᠭ ᠤᠨ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠤᠨ ᠭᠤᠮᠣᠳᠠᠯ ᠱᠠᠭᠠᠷᠳᠠᠯᠭ᠎ᠠ ᠶᠢᠨ ᠬᠡᠷᠡᠭ ᠢ 16417 ᠬᠤᠪᠢ ᠭᠥᠯᠢᠶᠡᠨ ᠠᠪᠴᠤ᠂ ᠪᠦᠬᠦᠨ ᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠲᠣᠮᠢᠯᠠᠵᠤ ᠰᠢᠢᠳᠪᠦᠷᠢᠯᠡᠭᠦᠯᠪᠡ᠃ ᠡᠭᠦᠨ ᠳᠤ ᠰᠢᠯᠵᠢᠭᠦᠯᠦᠨ ᠲᠣᠮᠢᠯᠠᠭᠰᠠᠨ ᠠᠵᠢᠯᠴᠢᠨ ᠤ ᠬᠠᠭᠤᠳᠠᠰᠤ 5 656 ᠬᠤᠪᠢ᠂ ᠰᠢᠭᠤᠳ ᠭᠦᠢᠴᠡᠳᠬᠡᠭᠰᠡᠨ ᠠᠵᠢᠯ ᠤᠨ ᠬᠠᠭᠤᠳᠠᠰᠤ 10761 ᠬᠤᠪᠢ ᠪᠠᠶᠢᠪᠠ᠃ ᠰᠢᠯᠵᠢᠭᠦᠯᠦᠨ ᠭᠦᠢᠴᠡᠳᠭᠡᠬᠦ ᠠᠵᠢᠯ ᠤᠨ ᠬᠠᠭᠤᠳᠠᠰᠤᠨ ᠳᠤ ᠨᠢᠭᠡᠨᠲᠡ ᠰᠢᠢᠳᠪᠦᠷᠢᠯᠡᠭᠰᠡᠨ ᠪᠠ ᠰᠢᠢᠳᠪᠣᠷᠢᠯᠡᠭᠰᠡᠨ ᠳᠤ ᠬᠠᠨᠤᠮᠵᠢᠲᠠᠶ ᠨᠢ 4383 ᠬᠤᠪᠢ ᠪᠠᠶᠢᠵᠤ᠂ ᠬᠦᠯᠢᠶᠡᠨ ᠠᠪᠬᠤ ᠬᠡᠪᠴᠢᠶᠡᠨ ᠠᠴᠠ ᠭᠠᠳᠠᠨᠠᠬᠢ 1232 ᠬᠤᠪᠢ ᠶᠢ ᠳᠡᠭᠡᠭᠰᠢ ᠮᠡᠳᠡᠭᠦᠯᠦᠭᠰᠡᠨ ᠦᠭᠡᠢ᠂ ᠦᠯᠡᠳᠡᠭᠰᠡᠨ 41 ᠬᠤᠪᠢ ᠶᠢ ᠨᠢ ᠶᠠᠭ ᠰᠢᠢᠳᠪᠦᠷᠢᠯᠡᠵᠦ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠴᠠᠬᠢᠯᠭᠠᠨ ᠬᠠᠩᠭᠠᠬᠤ ᠵᠢᠴᠢ ᠵᠠᠮ ᠢ ᠰᠡᠯᠪᠢᠨ ᠵᠠᠰᠠᠬᠤ᠂ ᠬᠤᠳᠳᠤᠭ ᠤᠨ ᠠᠮᠠᠰᠠᠷ ᠡᠪᠳᠡᠷᠡᠭᠰᠡᠨ᠂ ᠲᠦᠷᠭᠡᠨ ᠬᠦᠷᠭᠡᠯᠲᠡ᠂ ᠲᠦᠷᠢᠶᠡᠰᠦᠨ ᠮᠠᠰᠢᠨ ᠲᠡᠷᠭᠡ  ᠶᠢᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠨᠢ ᠬᠠᠯᠠᠮ ᠴᠡᠭ ᠤᠨ ᠬᠦᠰᠡᠯ ᠱᠠᠭᠠᠷᠳᠠᠯᠭ᠎ᠠ ᠪᠣᠯᠵᠦ ᠪᠠᠶᠢᠨ᠎ᠠ᠃      ᠡᠨᠡ ᠵᠢᠯ ᠠᠴᠠ ᠨᠠᠰᠢ᠂ 12345 ᠬᠠᠯᠠᠮᠰᠢᠯ ᠤᠲᠠᠰᠤ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠰᠢᠢᠳᠪᠦᠷᠢᠯᠡᠵᠦ᠂ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠭᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ ᠵᠡᠷᠭᠡ ᠣᠯᠠᠨ ᠬᠦᠷᠢᠶᠡᠨ ᠳᠤ ᠭᠠᠷᠴᠤ ᠮᠡᠳᠡᠬᠦ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠤᠳᠤᠯᠤᠨ ᠮᠠᠭᠠᠳᠯᠠᠵᠤ᠂ ᠡᠷᠬᠡ ᠰᠦᠷᠲᠦ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ 12345 ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠪᠠ᠃ ᠨᠡᠶᠢᠲᠡᠯᠢᠭ ᠴᠢᠨᠠᠷᠲᠠᠶ ᠠᠰᠠᠭᠤᠳᠠᠯ ᠳᠤ ᠴᠠᠭ ᠲᠤᠬᠠᠶ ᠳᠤᠨᠢ ᠨᠢᠭᠡᠳᠦᠯᠲᠡᠶ ᠬᠠᠷᠢᠭᠤᠯᠲᠠ ᠥᠭᠴᠦ᠂ ᠣᠯᠠᠨ ᠲᠦᠮᠡᠨ ᠳᠤ ᠲᠡᠷᠡ ᠳᠠᠷᠤᠶ ᠳᠤᠨᠢ ᠬᠠᠷᠢᠭᠤᠯᠲᠠ ᠥᠭᠴᠦ᠂ ᠡᠭᠦᠨ ᠤ ᠤᠯᠠᠮ ᠠᠴᠠ ᠬᠠᠯᠠᠮ ᠤᠲᠠᠰᠤᠨ ᠤ ᠰᠢᠭᠤᠳ ᠬᠠᠷᠢᠭᠤᠯᠲᠠ ᠥᠭᠬᠦ ᠨᠣᠷᠮ᠎ᠠ ᠶᠢ ᠳᠡᠭᠡᠭᠰᠢᠯᠡᠬᠦᠯᠦᠨ᠎ᠡ᠃ ᠣᠯᠠᠨ ᠲᠦᠮᠡᠨ ᠬᠦᠰᠡᠯ ᠱᠠᠭᠠᠷᠳᠠᠯᠭ᠎ᠠ ᠳᠤᠷᠠᠳᠳᠠᠭ ᠯᠠ ᠶᠤᠮ ᠪᠣᠯ 12345 ᠬᠠᠯᠠᠮᠰᠢᠯ ᠤᠲᠠᠰᠤ ᠶᠢ ᠴᠥᠮ ᠲᠡᠷᠡ ᠳᠠᠷᠤᠶ ᠳᠤᠨᠢ ᠴᠤᠤᠷᠢᠶᠠᠳᠤᠨ ᠳᠠᠭᠠᠵᠤ᠂ ᠦᠳᠲᠡᠷ ᠲᠦᠷᠭᠡᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠬᠦᠢᠴᠡᠳᠬᠡᠬᠦ ᠶᠢᠨ ᠬᠠᠮᠲᠤ ᠠᠰᠠᠭᠤᠳᠠᠯ ᠤᠨ ᠠᠬᠢᠴᠠ ᠶᠢ ᠦᠷᠭᠦᠯᠵᠢᠯᠡᠨ ᠮᠥᠷᠳᠡᠨ᠎ᠡ᠃ ᠡᠭᠦᠨ ᠤ ᠬᠠᠮᠲᠤ᠂ ᠭᠤᠮᠣᠳᠠᠯ ᠲᠣᠭᠠᠴᠢᠯᠲᠠ ᠶᠢᠨ ᠬᠦᠴᠢᠷ ᠲᠦᠪᠡᠭᠲᠡᠶ ᠬᠡᠮᠵᠢᠶ᠎ᠡ ᠳᠤ ᠴᠢᠭᠯᠡᠭᠦᠯᠦᠨ ᠠᠵᠢᠯ ᠤᠨ ᠬᠠᠭᠤᠳᠠᠰᠤ ᠭᠦᠢᠴᠡᠳᠭᠡᠬᠦ ᠴᠠᠭ ᠤᠨ ᠬᠢᠵᠠᠭᠠᠷ ᠳᠤ ᠲᠣᠬᠢᠷᠠᠭᠤᠯᠤᠯᠲᠠ ᠬᠢᠨ᠎ᠠ ᠂ ᠳᠠᠷᠤᠶ ᠭᠦᠢᠴᠡᠳᠭᠡᠬᠦ ᠵᠦᠢᠯ ᠢ 2 ᠡᠳᠦᠷ ᠤᠨ ᠳᠣᠲᠣᠷ᠎ᠠ ᠭᠦᠢᠴᠡᠳᠭᠡᠵᠣ ᠳᠠᠭᠤᠰᠬᠠᠨ᠎ᠠ᠂ ᠠᠰᠠᠭᠤᠨ ᠯᠠᠪᠯᠠᠬᠤ ᠪᠤᠰᠤ ᠲᠥᠷᠥᠯ ᠤᠨ ᠠᠵᠢᠯ ᠤᠨ ᠬᠠᠭᠤᠳᠠᠰᠤ ᠶᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ᠃ ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠪᠤᠳᠤᠯᠢᠶᠠᠨᠲᠠᠶ ᠬᠡᠷᠡᠭ ᠲᠤ᠂ ᠬᠠᠮᠲᠤᠷᠠᠨ ᠠᠵᠢᠯᠯᠠᠬᠤ ᠠᠷᠭ᠎ᠠ ᠮᠠᠶ᠋ᠢᠭ ᠢᠶᠠᠷ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠵᠢᠯ ᠤᠨ ᠬᠠᠭᠤᠳᠠᠰᠤ ᠶᠢ ᠦᠨᠡᠨ ᠬᠦ ᠨᠠᠩ ᠲᠦᠷᠭᠡᠨ᠂ ᠨᠠᠩ ᠰᠠᠶᠢᠨ᠂ ᠨᠠᠩ ᠪᠣᠳᠠᠲᠠᠶ ᠡᠷᠭᠢᠯᠡᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠳᠣᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号