| | ᠰᠠᠯᠬᠢ ᠶᠢ ᠰᠡᠷᠬᠡᠶᠢᠯᠡᠵᠦ ᠡᠯᠡᠰᠦ ᠶᠢ ᠵᠠᠰᠠᠬᠤ ᠮᠥᠩᠭᠦᠨ ᠭᠦᠢᠯᠭᠡᠭᠡᠨ ᠤ ᠲᠤᠰᠠᠯᠠᠮᠵᠢ᠃ 11 ᠰᠠᠷ᠎ᠠ ᠶᠢᠨ | 28 ᠤ ᠡᠳᠦᠷ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠪᠣᠯᠤᠨ ᠲᠠᠷᠢᠶᠠᠯᠠᠩ ᠤᠨ ᠪᠠᠩᠬᠢ ᠶᠢᠨ | ᠡᠷᠢᠶᠡᠨ ᠬᠤᠳᠠ ᠳᠠᠬᠢ ᠬᠤᠪᠢᠶᠠᠷᠢ ᠪᠠᠩᠬᠢ ᠠᠴᠠ ︽ᠮᠥᠩᠭᠦᠨ ᠬᠦᠢᠯᠭᠡᠭᠡᠨ ᠤ ᠳᠣᠰᠠᠯᠠᠮᠵᠢ ᠪᠠᠷ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠨᠣᠭᠤᠭᠠᠷᠠᠭᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ | ᠤᠯᠬᠤ ᠳᠤ ᠬᠦᠴᠦ ᠨᠡᠮᠡᠷᠢᠯᠡᠬᠦ︾ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠥᠩᠭᠦᠨ ᠭᠦᠢᠯᠭᠡᠭᠡᠨ ᠤ | ᠬᠦᠴᠦᠨ ᠢᠶᠠᠷ ᠡᠯᠡᠰᠦᠷᠬᠡᠭ ᠭᠠᠵᠠᠷ ᠢ ᠵᠠᠰᠠᠬᠤ ᠶᠢ ᠠᠬᠢᠭᠤᠯᠪᠠ᠃ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠪᠣᠯ ᠪᠡᠭᠡᠵᠢᠩ ᠲᠢᠶᠠᠨᠵᠢᠨ ᠾᠧᠪᠸᠢ ᠠᠴᠠ ᠬᠠᠮᠤᠭ ᠤᠨ | ᠣᠶᠢᠷ᠎ᠠ ᠪᠠᠶᠢᠭ᠎ᠠ ᠪᠠᠶᠢᠭᠠᠯᠢ ᠶᠢᠨ ᠰᠠᠯᠬᠢ ᠡᠯᠡᠰᠦᠨ ᠤ ᠡᠬᠢ ᠰᠤᠷᠪᠤᠯᠵᠢ ᠪᠠᠶᠢᠵᠤ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ | ᠨᠢᠭᠡ ᠪᠣᠯᠤᠭᠰᠠᠨ ᠤ ᠬᠤᠪᠢ ᠳᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ | ᠳᠠᠶᠢᠯᠠᠯᠳᠤᠭᠠᠨ ᠢ ᠰᠠᠶᠢᠲᠤᠷ ᠬᠢᠬᠦ ᠪᠣᠯ ᠮᠠᠨ ᠤ ᠬᠤᠲᠠ ᠶᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ | ᠪᠣᠯᠤᠨ᠎ᠠ᠃ ᠲᠣᠰ ᠤᠳᠠᠭᠠᠨ ᠤ ᠭᠡᠷ᠎ᠡ ᠲᠣᠭᠲᠠᠭᠰᠠᠨ ᠨᠢ ᠮᠠᠨ ᠤ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠢᠨᠵᠧᠨᠧᠷᠢᠩ ᠤᠨ ᠰᠢᠨ᠎ᠡ ᠳᠡᠭᠲᠡᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ | ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠪᠣᠬᠢᠷᠲᠤᠯ ᠥᠬᠡᠶ ᠮᠥᠩᠭᠦᠨ ᠭᠦᠢᠯᠭᠡᠭᠡᠨ ᠤ | ᠰᠢᠨ᠎ᠡ ᠳᠠᠪᠠᠭᠤᠯᠢᠭ ᠢ ᠲᠦᠷᠭᠡᠳᠬᠡᠨ ᠪᠤᠶᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠢᠳᠡᠪᠬᠢᠲᠡᠶ ᠪᠠᠷ | ᠰᠢᠨ᠎ᠡ ᠶᠢ ᠡᠭᠦᠳᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠲᠣᠭᠤᠷᠢᠨ ᠳᠤ ︽ | ᠲᠠᠷᠢᠶᠠᠯᠠᠩ ᠪᠠᠩᠬᠢ ᠶᠢᠨ ᠠᠮᠢ ᠠᠬᠤᠶ ᠶᠢᠨ ᠵᠢᠭᠡᠯᠡᠯᠭᠡ︾ ᠶᠢᠨ ᠰᠢᠷᠢᠰ ᠭᠤᠤᠯᠳᠠᠯᠭ᠎ᠠ ᠲᠠᠢ ᠦᠢᠯᠡᠳᠬᠦᠨ ᠵᠡᠷᠭᠡ | ᠣᠯᠠᠨ ᠵᠦᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ | ᠬᠦᠷᠢᠶᠡᠨ ᠳᠠᠬᠢ ᠡᠯ᠎ᠡ ᠲᠥᠷᠥᠯ ᠤᠨ ᠭᠤᠤᠯ ᠴᠣᠭᠴᠠ ᠶᠢᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠡᠭᠦᠨ ᠤ ᠬᠠᠮᠲᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠷᠥᠯ ᠵᠦᠢᠯ᠂ ᠠᠮᠢ | ᠠᠬᠤᠶ ᠶᠢᠨ ᠠᠷᠠᠳ ᠢ ᠪᠠᠶᠠᠵᠢᠭᠤᠯᠬᠤ ᠢᠨᠵᠧᠨᠧᠷᠢᠩ ᠵᠢᠴᠢ ᠮᠠᠯᠴᠢᠨ ᠲᠠᠷᠢᠶᠠᠴᠢᠨ᠂ ᠵᠢᠵᠢᠭ ᠪᠢᠴᠢᠯ ᠠᠵᠤ | ᠠᠬᠤᠶᠢᠯᠠᠯ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ | ᠭᠤᠤᠯᠳᠠᠯᠭ᠎ᠠ ᠲᠠᠢ ᠳᠡᠮᠵᠢᠵᠦ᠂ ᠬᠠᠷᠠᠭᠠᠯᠵᠠᠯᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠂ ᠠᠮᠢᠳᠤᠯᠢᠭ ᠪᠥᠭᠡᠳ | ᠣᠯᠠᠨ ᠶᠠᠩᠵᠤ ᠶᠢᠨ ᠳᠠᠭᠠᠭᠠᠯᠲᠠ ᠶᠢᠨ ᠠᠷᠭ᠎ᠠ ᠮᠠᠶ᠋ᠢᠭ ᠵᠢᠴᠢ ᠳᠥᠭᠦᠮ ᠳᠥᠲᠡ ᠵᠢᠭᠡᠯᠡᠯᠭᠡ ᠶᠢᠨ ᠳᠡᠰ | ᠳᠠᠷᠠᠭᠠᠯᠠᠯ ᠢᠶᠠᠷ ᠳᠠᠮᠵᠢᠭᠤᠯᠤᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠭᠴᠢ ᠳᠠᠶᠢᠨ ᠳᠤ | ᠲᠠᠰᠤᠷᠠᠯᠲᠠ ᠤᠢᠭᠡᠢ ᠮᠥᠩᠭᠦᠨ ᠭᠦᠢᠯᠭᠡᠭᠡᠨ ᠤ ︽ᠠᠮᠢᠳᠤ ᠤᠰᠤ︾ ᠨᠡᠮᠡᠷᠢᠯᠡᠨ᠎ᠡ᠃ | ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢᠨ ᠳᠣᠯᠠᠳᠠ᠂ ᠲᠥᠷᠥᠯ ᠵᠦᠢᠯ ᠤᠨ ᠬᠤᠷᠰᠢᠶ᠎ᠠ ᠪᠠ ᠮᠠᠯᠵᠢᠬᠤ ᠲᠠᠷᠢᠶᠠᠯᠠᠬᠤ ᠡᠷᠦᠬᠡ ᠳᠤ ᠨᠠᠩ | ᠰᠠᠶᠢᠲᠤᠷ ᠦᠢᠯᠡᠴᠢᠯᠡᠵᠦ᠂ ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠲᠦᠭᠡᠮᠡᠯ | ᠬᠠᠷᠠᠭᠠᠯᠵᠠᠯᠲᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠡᠯ᠎ᠡ ᠵᠦᠢᠯ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠠᠮᠢ ᠠᠬᠤᠶ ᠶᠢᠨ ᠵᠠᠰᠠᠯᠲᠠ ᠶᠢᠨ | ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠨᠡᠮᠡᠷᠢᠯᠡᠪᠡ᠃ |