【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】  ᠡᠷᠢᠶᠡᠨ ᠪᠣᠭᠤᠮᠲᠠ ᠶᠢᠨ ᠬᠢᠯᠢ ᠠᠯᠤᠰᠯᠠᠭᠰᠠᠨ ᠴᠠᠬᠢᠯᠭᠠᠨ ᠬᠤᠳᠠᠯᠳᠤᠭᠠᠨ ᠤ ᠶᠠᠪᠤᠳᠠᠯ ᠢ ᠰᠡᠷᠭᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2024/12/2
   11 ᠰᠠᠷ᠎ᠠ ᠶᠢᠨ 28 ᠤ ᠡᠳᠦᠷ᠂ ᠣᠯᠠᠨ ᠤᠯᠤᠰ ᠤᠨ ᠬᠡᠪᠯᠡᠯ ︵TEMU︶ ᠤᠨ ᠬᠢᠯᠢ ᠠᠯᠤᠰᠯᠠᠭᠰᠠᠨ ᠨᠢᠭᠡ ᠪᠦᠯᠦᠭ ᠡᠯᠧᠺᠲᠷᠦᠨ ᠬᠤᠳᠠᠯᠳᠤᠭᠠᠨ ᠤ ᠪᠠᠷᠠᠭ᠎ᠠ ᠡᠷᠢᠶᠡᠨ ᠬᠤᠲᠠ ᠶᠢᠨ ᠪᠣᠭᠤᠮᠲᠠ ᠪᠠᠷ ᠬᠢᠯᠢ ᠠᠴᠠ ᠭᠠᠷᠴᠤ ᠮᠣᠩᠭᠤᠯ ᠤᠯᠤᠰ ᠲᠤ ᠬᠦᠷᠴᠦ᠂ ᠲᠣᠰ ᠪᠦᠯᠦᠭ ᠪᠠᠷᠠᠭ᠎ᠠ ᠨᠢ ᠡᠷᠢᠶᠡᠨ ᠪᠣᠭᠤᠮᠲᠠ ᠶᠢᠨ ᠬᠢᠯᠢ ᠠᠯᠤᠰᠯᠠᠭᠰᠠᠨ ᠴᠠᠬᠢᠯᠭᠠᠨ ᠬᠤᠳᠠᠯᠳᠤᠭᠠᠨ ᠤ ᠶᠠᠪᠤᠳᠠᠯ ᠵᠢᠩᠬᠢᠨᠢ ᠪᠠᠷ ᠰᠡᠷᠬᠦᠭᠰᠡᠨ ᠢ ᠬᠠᠷᠠᠭᠤᠯᠵᠤ ᠪᠠᠶᠢᠨ᠎ᠠ᠃
    ᠡᠷᠢᠶᠡᠨ ᠬᠤᠲᠠ ᠶᠢᠨ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ 2022 ᠣᠨ ᠤ 10 ᠳ᠋ᠤᠭᠠᠷ ᠰᠠᠷ᠎ᠠ ᠶᠢᠨ 23 ᠤ ᠡᠳᠦᠷ ᠵᠢᠩᠬᠢᠨᠢ ᠪᠠᠷ ᠠᠵᠢᠯᠯᠠᠭᠤᠯᠵᠤ᠂ ᠪᠥᠬᠦ ᠵᠢᠯ ᠳᠤ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠨᠡᠶᠢᠲᠡ 2.8 ᠲᠦᠮᠡᠨ ᠪᠢᠯᠧᠲ ᠳᠠᠭᠤᠰᠬᠠᠵᠤ᠂ ᠪᠠᠷᠠᠭᠠᠨ ᠤ ᠥᠷᠲᠡᠭ ᠨᠢ 262 ᠲᠦᠮᠡᠨ ᠲᠥᠭᠦᠷᠢᠭ ᠪᠣᠯᠤᠨ᠎ᠠ᠃ 2023 ᠣᠨ ᠠᠴᠠ ᠡᠬᠢᠯᠡᠨ ᠬᠢᠯᠢ ᠠᠯᠤᠰᠯᠠᠭᠰᠠᠨ ᠴᠠᠬᠢᠯᠭᠠᠨ ᠬᠤᠳᠠᠯᠳᠤᠭᠠᠨ ᠤ ᠶᠠᠪᠤᠳᠠᠯ ᠢ ᠲᠦᠷ ᠥᠷᠨᠢᠭᠦᠯᠦᠭᠰᠡᠨ ᠦᠭᠡᠢ᠃
      ᠣᠶᠢᠯᠠᠭᠠᠭᠰᠠᠨ ᠢᠶᠠᠷ᠂ TEMU ᠪᠣᠯ ᠫᠢᠨ ᠳ᠋ᠦᠸᠧ ᠳ᠋ᠣᠣ ᠶᠢᠨ ᠨᠠᠶᠢᠳᠠᠯᠡᠭᠰᠡᠨ ᠭᠠᠳᠠᠭᠠᠳᠤ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠪᠣᠯᠤᠨ᠎ᠠ᠂ ᠡᠭᠦᠨ ᠤ ᠵᠣᠷᠢᠯᠭ᠎ᠠ ᠪᠠᠷ᠂ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠭᠡᠵᠦ᠂ ᠤᠯᠤᠰ ᠤᠨ ᠳᠣᠲᠣᠭᠠᠳᠤ ᠶᠢᠨ ᠨᠢᠭᠡᠳᠦᠯᠲᠡᠢ ᠬᠥᠮᠥᠷᠭᠡ ᠲᠣᠬᠢᠷᠠᠭᠤᠯᠬᠤ ᠪᠠ ᠭᠠᠳᠠᠭᠠᠳᠤ ᠳᠠᠬᠢ ᠬᠢᠯᠢ ᠠᠯᠤᠰᠯᠠᠭᠰᠠᠨ ᠰᠢᠭᠤᠳ ᠰᠢᠣᠳᠠᠨ ᠲᠣᠬᠢᠷᠠᠭᠤᠯᠤᠨ ᠬᠦᠷᠭᠡᠬᠦ ᠵᠠᠭᠪᠤᠷ ᠢ ᠬᠡᠷᠡᠭᠯᠡᠨ᠂ ᠨᠢᠭᠡᠨᠲᠡ ᠪᠦᠬᠦ ᠪᠥᠮᠪᠥᠷᠴᠡᠭ ᠤᠨ 50 ᠤᠯᠤᠰ ᠪᠠ ᠭᠠᠵᠠᠷ ᠣᠷᠣᠨ ᠳᠤ ᠣᠷᠣᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号