ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠦᠶ᠎ᠡ︕ ᠨᠠᠮ ᠤᠨ ᠭᠡᠰᠢᠭᠦᠨ ᠺᠠᠳ᠋ᠷ ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠠᠵᠢᠯ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/12/20
  12 ᠰᠠᠷ᠎ᠠ ᠶᠢᠨ 17 ᠤ ᠡᠳᠦᠷ᠂ 2024 ᠣᠨ ᠤ 5 ᠳ᠋ᠤᠭᠠᠷ ᠬᠤᠭᠤᠴᠠᠭᠠᠨ ᠤ ᠪᠣᠭᠤᠮᠲᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ ︵ᠪᠥᠬᠦ ᠬᠤᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ︶ ᠬᠢᠴᠢᠶᠡᠯ ᠡᠬᠢᠯᠡᠪᠡ᠃    ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡ ᠤᠯᠠᠮᠵᠢᠯᠠᠬᠤ ᠳᠡᠭᠡᠳᠦ ᠰᠤᠷᠭᠠᠭᠤᠯᠢ ᠶᠢᠨ ᠬᠤᠶᠠᠷ ᠯᠧᠺᠲ᠋ᠣᠷ ᠢ ᠣᠨᠴᠠ ᠤᠷᠢᠵᠤ᠂ ᠲᠣᠰ ᠲᠣᠰ ︽ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠥᠭᠦᠯᠡᠯᠲᠡ︾᠂ ︽︿ᠬᠡᠰᠡᠭ ᠠᠷᠭ᠎ᠠ﹀ ᠶᠢᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ︾ ᠭᠡᠬᠦ ᠰᠡᠳᠦᠪ ᠢᠶᠠᠷ ᠲᠤᠰᠬᠠᠶ ᠰᠡᠳᠦᠪ ᠢᠶᠠᠷ ᠬᠢᠴᠢᠶᠡᠯᠯᠡᠪᠡ᠃ ᠯᠧᠺᠲ᠋ᠣᠷ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠠᠰᠠᠭᠤᠳᠠᠯ ᠢ ᠪᠥᠬᠦ ᠲᠠᠯ᠎ᠠ ᠪᠠᠷ ᠤᠶᠢᠯᠠᠭᠠᠨ ᠲᠠᠨᠢᠬᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢᠨ ᠦᠭᠡ ᠬᠡᠯᠡᠬᠦ ᠡᠷᠬᠡ ᠶᠢᠨ ᠬᠠᠮᠢᠶᠠᠷᠤᠯᠲᠠ ᠶᠢᠨ ᠡᠷᠬᠡ ᠶᠢ ᠬᠡᠷᠬᠢᠨ ᠪᠠᠲᠤ ᠡᠵᠡᠮᠰᠢᠬᠦ ᠵᠡᠷᠭᠡ ᠲᠠᠯ᠎ᠠ ᠪᠠᠷ ᠲᠣᠳᠣᠷᠬᠠᠶᠢᠯᠠᠨ ᠥᠭᠦᠯᠡᠪᠡ᠃    ᠪᠣᠯᠪᠠᠰᠤᠷᠠᠭᠤᠯᠤᠯ ᠤᠨ ᠳᠤᠮᠳᠠ᠂ ᠯᠧᠺᠲ᠋ᠣᠷ ᠪᠠᠰᠠ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠨ ᠵᠠᠳᠠᠯᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠣᠨᠴᠠᠯᠢᠭ᠂ ᠵᠢᠮ᠎ᠡ ᠶᠣᠰᠣ᠂ ᠠᠷᠭᠠᠴᠠᠬᠤ ᠠᠷᠭ᠎ᠠ ᠪᠣᠳᠣᠯᠭ᠎ᠠ ᠪᠠ ᠰᠢᠢᠳᠪᠦᠷᠢᠯᠡᠬᠦ ᠠᠷᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠭᠤᠯᠤᠭᠳᠠᠬᠤᠨ ᠢ ᠭᠦᠨᠵᠡᠭᠡᠶ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠢ ᠬᠠᠪᠰᠤᠷᠤᠨ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠨᠢ ᠭᠦᠨᠵᠡᠭᠡᠶᠢᠷᠡᠭᠦᠯᠵᠦ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ ᠦᠢᠯᠡᠳᠦᠯᠭᠡᠲᠦ ᠴᠢᠨᠠᠷ ᠲᠠᠢ ᠶᠤᠮ᠃    ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ᠂ ᠬᠤᠳᠠ ᠶᠢᠨ ᠰᠢᠭᠤᠳ ᠬᠠᠷᠢᠶ᠎ᠠ᠂ ᠬᠤᠳᠠ ᠳᠤ ᠰᠠᠭᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠧ ᠰᠤᠮᠤ᠂ ᠡᠯ᠎ᠡ ᠨᠡᠶᠢᠭᠡᠮ ᠲᠣᠭᠤᠷᠢᠭ ᠤᠨ ᠤᠬᠠᠭᠤᠯᠬᠤ ᠭᠡᠰᠢᠭᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号