ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2024/12/20
   12 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠤᠬᠠᠶ ᠰᠤᠷᠤᠯᠴᠠᠵᠤ ᠰᠤᠳᠤᠯᠤᠨ ᠶᠠᠷᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃    ᠬᠤᠷᠠᠯ ᠠᠴᠠ᠂ ᠡᠷᠢᠶᠡᠨ ᠬᠤᠳᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠤᠱᠯᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠰᠤᠳᠤᠯᠤᠨ ᠲᠥᠯᠥᠪᠵᠢᠭᠦᠯᠬᠦ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠪᠣᠯᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠠᠵᠤ ᠠᠬᠤᠢ ᠶᠢ ᠬᠥᠭᠵᠢᠭᠦᠯᠬᠦ ᠶᠢ ᠣᠷᠭᠠᠨᠢᠭ ᠢᠶᠠᠷ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠨᠡ ᠬᠦ ᠴᠡᠩᠬᠡᠷ ᠥᠩᠭᠡ ᠶᠢ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠰᠠᠪᠠ ᠭᠠᠵᠠᠷ ᠠᠯᠤᠰᠯᠠᠨ ᠤᠰᠤ ᠲᠠᠲᠠᠬᠤ ᠲᠥᠷᠥᠯ ᠵᠦᠢᠯ ᠢ ᠰᠠᠶᠢᠲᠤᠷ ᠬᠢᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠪᠠᠲᠤᠯᠠᠵᠤ ᠨᠥᠬᠦᠪᠥᠷᠢ ᠱᠠᠩᠨᠠᠯ ᠣᠯᠭᠤᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ ᠢ ᠭᠦᠨᠵᠡᠭᠡᠶ ᠬᠡᠷᠡᠭᠵᠢᠭᠦᠯᠬᠦ ᠵᠡᠷᠭᠡ ᠬᠦᠴᠦᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠢ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠦᠴᠦᠲᠡᠶ ᠭᠠᠷᠳᠠᠴᠠ ᠪᠣᠯᠭᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠳᠤᠮᠳᠠᠳᠤ ᠮᠣᠩᠭᠤᠯ ᠤᠨ ᠠᠮᠢ ᠠᠬᠤᠶ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠳᠡᠭᠡᠳᠦ ᠱᠠᠲᠤᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠮᠣᠩᠭᠤᠯ ᠤᠨ ᠲᠠᠯ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠮᠣᠩᠭᠤᠯ ᠤᠯᠤᠰ ᠯᠤᠭ᠎ᠠ ᠬᠢᠯᠢ ᠠᠯᠤᠰᠯᠠᠭᠰᠠᠨ ᠬᠤᠲᠠ ᠶᠢᠨ ᠰᠠᠯᠬᠢ ᠰᠡᠷᠭᠡᠶᠢᠯᠡᠬᠦ ᠣᠶ ᠶᠢᠨ ᠪᠦᠰᠡ᠂ ᠬᠢᠯᠢ ᠠᠯᠤᠰᠯᠠᠭᠰᠠᠨ ᠬᠡᠭᠡᠷ᠎ᠡ ᠶᠢᠨ ᠠᠮᠢᠲᠠᠨ ᠤ ᠠᠮᠢ ᠠᠬᠤᠶ ᠶᠢᠨ ᠬᠤᠩᠭᠢᠯ ᠵᠡᠷᠭᠡ ᠶᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号