ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠵᠤ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/12/20
       ᠬᠢᠯᠢ ᠶᠢᠨ ᠠᠷᠠᠯᠵᠢᠶᠠᠨ ᠤ ᠠᠵᠤ ᠠᠬᠤᠶ ᠡᠳᠦᠷ ᠢᠷᠡᠬᠦᠶ᠎ᠡ ᠬᠥᠭᠵᠢᠶᠡᠨᠲᠡᠶ ᠪᠣᠯᠬᠤ ᠶᠢ ᠳᠠᠭᠠᠯᠳᠤᠨ᠂ ᠭᠠᠳᠠᠭᠠᠳᠤ ᠰᠣᠯᠢᠯᠴᠠᠭ᠎ᠠ ᠶᠠᠪᠤᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠮᠠᠨ ᠤ ᠬᠤᠲᠠ ᠢᠳᠡᠪᠬᠢᠲᠡᠶ ᠬᠠᠶᠢᠨ ᠰᠦᠪᠡᠭᠴᠢᠯᠡᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠶᠡᠬᠡᠪᠡᠷ ᠪᠠᠶᠢᠭᠤᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠰᠠᠭᠤᠷᠢ ᠶᠢ ᠲᠠᠯᠪᠢᠵᠤ ᠥᠭᠪᠡ᠃      ᠡᠨᠡ ᠵᠢᠯ ᠤᠨ ᠡᠬᠢ ᠪᠠᠷ᠂ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠠᠮᠵᠢᠯᠲᠠ ᠲᠠᠢ ᠵᠥᠪᠰᠢᠶᠡᠷᠡᠭᠳᠡᠵᠦ᠂ ᠮᠠᠨ ᠤ ᠬᠤᠲᠠ ᠶᠢᠨ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠥᠷᠢᠰᠥᠯᠳᠦᠭᠡᠨ ᠪᠣᠯᠤᠨ ᠰᠢᠨ᠎ᠡ ᠠᠵᠠ ᠲᠣᠬᠢᠶᠠᠯ ᠤᠨ ᠡᠮᠦᠨ᠎ᠡ᠂ ᠬᠤᠳᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠰᠢᠨ᠎ᠡ ᠴᠠᠭ ᠦᠶ᠎ᠡ ᠠᠴᠠ ᠣᠯᠭᠤᠭᠰᠠᠨ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ᠂ ᠭᠠᠳᠠᠭᠠᠳᠤ ᠬᠠᠷᠢᠯᠴᠠᠭᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠂ ᠭᠠᠳᠠᠭᠠᠳᠤ ᠳᠤ ᠬᠤᠯᠪᠣᠭᠳᠠᠬᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠤᠨ ᠤᠨᠤᠯ ᠤᠨ ᠰᠤᠳᠤᠯᠭᠠᠨ ᠵᠡᠷᠭᠡ ᠲᠠᠯ᠎ᠠ ᠪᠠᠷ ᠬᠦᠴᠦᠯᠡᠵᠦ᠂ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠤᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠤᠭᠴᠤᠭ᠎ᠠ ᠳᠤ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠭᠠᠳᠠᠭᠠᠳᠤ ᠳᠤ ᠬᠤᠯᠪᠣᠭᠳᠠᠬᠤ ᠬᠡᠷᠡᠭ ᠤᠨ ︽ᠰᠠᠭᠠᠳ ᠥᠬᠡᠶ ᠨᠡᠪᠲᠡᠷᠡᠬᠦ ᠵᠠᠮ︾ ᠢ ᠰᠢᠨ᠎ᠡ ᠪᠠᠷ ᠡᠭᠦᠳᠦᠨ ᠭᠠᠷᠭᠠᠵᠤ᠂ ᠭᠠᠳᠠᠭᠠᠳᠤ ᠳᠤ ᠬᠤᠯᠪᠣᠭᠳᠠᠬᠤ ᠬᠥᠮᠦᠰ ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠳᠠᠬᠢ ︽ᠪᠠᠴᠢᠮ ᠪᠡᠷᠬᠡ ᠵᠣᠪᠠᠨᠢᠯ︾ ᠠᠰᠠᠭᠤᠳᠠᠯ ᠳᠤ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ᠲᠡᠳᠡᠨ ᠳᠤ ︽ᠤᠷᠢᠳᠠᠪᠠᠷ ᠬᠡᠷᠡᠭ ᠪᠣᠯᠭᠠᠨ ᠳᠠᠩᠰᠠᠯᠠᠬᠤ᠂ ᠤᠷᠢᠳᠠᠪᠠᠷ ᠬᠦᠷᠭᠡᠬᠦ᠂ ᠤᠷᠢᠳᠠᠪᠠᠷ ᠡᠶᠡᠳᠡᠭᠦᠯᠬᠦ᠂ ᠤᠷᠢᠳᠠᠪᠠᠷ ᠰᠢᠭᠦᠬᠦ᠂ ᠤᠷᠢᠳᠠᠪᠠᠷ ᠭᠦᠢᠴᠡᠳᠬᠡᠬᠦ︾ ᠪᠥᠬᠦ ᠲᠠᠯ᠎ᠠ ᠶᠢᠨ ᠦᠢᠯᠡᠴᠢᠯᠡᠭᠡ ᠬᠠᠩᠭᠠᠪᠠ᠃      ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠶᠢᠷ᠎ᠠ ᠶᠢᠨ ᠭᠤᠷᠪᠠᠨ ᠵᠢᠯ ᠳᠤ᠂ 87 ᠬᠤᠪᠢ ᠭᠠᠳᠠᠭᠠᠳᠤ ᠳᠤ ᠬᠤᠯᠪᠣᠭᠳᠠᠬᠤ ᠬᠡᠷᠡᠭ ᠢ ᠴᠥᠮ ︽ᠰᠠᠭᠠᠳ ᠥᠬᠡᠶ ᠨᠡᠪᠲᠡᠷᠡᠬᠦ ᠵᠠᠮ︾ ᠢ ᠨᠠᠶᠢᠳᠠᠪᠤᠷᠢᠵᠢᠭᠤᠯᠵᠤ᠂ ᠭᠠᠳᠠᠭᠠᠳᠤ ᠳᠤ ᠬᠤᠯᠪᠣᠭᠳᠠᠬᠤ ᠬᠡᠷᠡᠭ ᠢ ᠰᠢᠭᠦᠬᠦ ᠳᠤᠮᠳᠠᠴᠢ ᠡᠳᠦᠷ ᠤᠨ ᠲᠤᠭ᠎ᠠ ᠶᠢ 86 ᠡᠳᠦᠷ ᠪᠣᠯᠭᠠᠨ ᠪᠣᠭᠤᠨᠢᠰᠬᠠᠵᠤ᠂ ᠬᠠᠤᠯᠢ ᠴᠠᠭᠠᠵᠠ ᠶᠢᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠭᠠᠳᠠᠭᠠᠳᠤ ᠳᠤ ᠬᠤᠯᠪᠣᠭᠳᠠᠬᠤ ᠲᠤᠬᠠᠶ ᠶᠢᠨ ᠬᠥᠮᠦᠨ ᠳᠤ ᠴᠠᠭ ᠲᠤᠬᠠᠶ ᠳᠤᠨᠢ᠂ ᠲᠥᠪ ᠭᠤᠤᠯᠴᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠣᠳᠣᠬᠠᠨ ᠳᠤ᠂ ᠮᠠᠨ ᠤ ᠬᠤᠲᠠ ᠶᠢᠨ 21 ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ᠂ 12 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠪᠠ 4 ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠨᠢ ᠭᠠᠳᠠᠭᠠᠳᠤ ᠳᠤ ᠬᠤᠯᠪᠣᠭᠳᠠᠬᠤ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡᠨ ᠤ ᠲᠣᠣᠷ ᠰᠦᠯᠵᠢᠶᠡᠨ ᠤ ᠴᠢᠬᠤᠯᠠ ᠰᠠᠭᠤᠷᠢ ᠴᠡᠭ ᠪᠣᠯᠵᠤ᠂ ᠬᠠᠮᠤᠷᠬᠤ ᠬᠡᠪᠴᠢᠶ᠎ᠡ ᠨᠢ ᠥᠷᠭᠡᠨ᠂ ᠲᠤᠰᠬᠠᠯ ᠲᠦᠷᠭᠡᠨ᠂ ᠬᠡᠷᠡᠭᠵᠢᠭᠦᠯᠦᠯᠲᠡ ᠨᠢ ᠬᠦᠴᠦᠲᠡᠢ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠬᠠᠮᠲᠤ ᠪᠠᠷ ᠪᠠᠶᠢᠭᠤᠯᠪᠠ᠃ ᠡᠭᠦᠨ ᠤ ᠬᠠᠮᠲᠤ᠂ ᠪᠥᠬᠦ ᠬᠤᠲᠠ ᠶᠢᠨ ᠲᠣᠮᠣ ᠬᠡᠯᠪᠡᠷᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠴᠢᠯᠦᠭᠡᠳᠦ ᠳᠡᠯᠭᠡᠭᠦᠷ ᠲᠤ ᠭᠠᠳᠠᠭᠠᠳᠤ ᠳᠤ ᠬᠤᠯᠪᠣᠭᠳᠠᠬᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ 15 ᠦᠢᠯᠡᠴᠢᠯᠡᠭᠡᠨ ᠤ ᠥᠷᠲᠡᠭᠡ ᠪᠠᠶᠢᠭᠤᠯᠵᠤ᠂ 38 ᠲᠤᠰᠬᠠᠢ ᠪᠠ ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ ᠲᠣᠬᠢᠷᠠᠭᠤᠯᠪᠠ᠃      ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠨ ᠼᠤᠤ ᠷᠠᠨ᠄ ︽ᠪᠢᠳᠡ ᠭᠠᠳᠠᠭᠠᠳᠤ ᠳᠤ ᠬᠤᠯᠪᠣᠭᠳᠠᠬᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠭᠠᠳᠠᠭᠠᠳᠤ ᠳᠤ ᠬᠤᠯᠪᠣᠭᠳᠠᠬᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠰᠢᠰᠲ᠋ᠧᠮ ᠳᠤ ᠣᠷᠣᠭᠤᠯᠵᠤ᠂ ᠡᠷᠢᠶᠡᠨ ᠬᠤᠲᠠ ᠶᠢᠨ ᠬᠡᠷᠡᠭᠯᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠢ ᠪᠠᠶᠢᠭᠤᠯᠵᠤ᠂ ᠬᠡᠷᠡᠭᠯᠡᠭᠡᠨ ᠤ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠰᠡᠷᠭᠡᠶᠢᠯᠡᠨ ᠠᠷᠢᠯᠭᠠᠪᠠ᠃ ᠡᠨᠡ ᠵᠢᠯ ᠠᠴᠠ ᠨᠠᠰᠢ᠂ ᠮᠣᠩᠭᠤᠯ ᠤᠨ ᠲᠠᠯ᠎ᠠ ᠠᠴᠠ ᠮᠠᠨ ᠤ ᠲᠠᠯ᠎ᠠ ᠶᠢ ᠲᠠᠨᠢᠯᠴᠠᠭᠤᠯᠤᠭᠰᠠᠨ ᠢᠷᠭᠡᠨ ᠤ ᠬᠡᠷᠡᠭ 3᠂ ᠡᠷᠡᠭᠦᠦ ᠶᠢᠨ ᠬᠡᠷᠡᠭ 3᠂ ᠺᠣᠮᠫᠠᠨᠢ ᠶᠢᠨ ᠵᠠᠷᠭᠤ ᠶᠢᠨ ᠪᠤᠰᠤ ᠬᠡᠷᠡᠭ 2 ᠬᠤᠪᠢ᠂ ᠮᠣᠩᠭᠤᠯ ᠤᠨ ᠲᠠᠯ᠎ᠠ ᠠᠴᠠ ᠲᠠᠨᠢᠯᠴᠠᠭᠤᠯᠤᠭᠰᠠᠨ ᠢᠷᠭᠡᠨ ᠤ ᠬᠡᠷᠡᠭ 3 ᠬᠤᠪᠢ ᠪᠠᠶᠢᠵᠤ᠂ ᠴᠥᠮ ᠪᠦᠲᠦᠮᠵᠢᠲᠡᠶ ᠰᠢᠢᠳᠪᠦᠷᠢᠯᠡᠭᠲᠡᠪᠡ᠃      ᠣᠳᠣᠬᠠᠨ ᠳᠤ᠂ ᠮᠠᠨ ᠤ ᠬᠤᠲᠠ ᠨᠢᠭᠡᠨᠲᠡ ᠨᠢᠭᠡᠨ ᠢᠵᠢ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠭᠦᠯᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠨᠢᠭᠲᠠ ᠬᠠᠮᠵᠢᠯᠴᠠᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠠᠮᠵᠢᠯᠲᠠ ᠲᠠᠢ ᠪᠠᠶᠢᠭᠤᠯᠵᠤ᠂ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠤᠨ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠪᠠᠷ ᠬᠡᠷᠡᠭᠵᠢᠭᠦᠯᠬᠦ ᠶᠢ ᠳᠥᠯᠭᠢᠨ ᠠᠬᠢᠭᠤᠯᠪᠠ᠃ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠭᠠᠳᠠᠭᠠᠳᠤ ᠳᠤ ᠬᠤᠯᠪᠣᠭᠳᠠᠬᠤ ᠠᠯᠪᠠᠨ ᠭᠡᠷᠡᠴᠢᠯᠡᠭᠡ 388 ᠬᠤᠪᠢ ᠶᠢ ᠭᠦᠢᠴᠡᠳᠬᠡᠵᠦ᠂ ᠭᠠᠳᠠᠭᠠᠳᠤ ᠳᠤ ᠬᠤᠯᠪᠣᠭᠳᠠᠬᠤ ᠵᠢᠭᠤᠷᠠᠯᠳᠤᠭᠠᠨ ᠢ 35 ᠬᠤᠪᠢ ᠶᠢ ᠨᠢ ᠠᠮᠵᠢᠯᠲᠠᠲᠠᠶ ᠡᠶᠡᠳᠡᠭᠦᠯᠵᠦ᠂ ᠳᠤᠮᠳᠠᠳᠤ ᠮᠣᠩᠭᠤᠯ ᠤᠨ ᠬᠤᠳᠠᠯᠳᠤᠭᠠᠴᠢᠨ ᠬᠤᠳᠠᠯᠳᠤᠭᠠᠴᠢᠨ ᠳᠤ 26 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠤᠨ ᠪᠣᠭᠤᠮᠲᠠ ᠶᠢᠨ ᠠᠵᠤ ᠠᠬᠤᠶ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠬᠤ ᠲᠠᠯ᠎ᠠ ᠪᠠᠷ ᠬᠢ ᠬᠦᠴᠦᠷᠬᠡᠭ ᠶᠡᠭᠡ ᠬᠦᠴᠦᠨ ᠴᠢᠳᠠᠪᠤᠷᠢ ᠪᠠ ᠴᠢᠬᠤᠯᠠ ᠥᠷᠲᠡᠭ ᠢ ᠢᠯᠡᠷᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号