| | | 12 ᠰᠠᠷ᠎ᠠ ᠶᠢᠨ 21 ᠤ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ | ᠪᠦᠯᠦᠭᠯᠡᠯ ᠺᠣᠮᠫᠠᠨᠢ ᠠᠴᠠ ᠭᠤᠤᠯᠯᠠᠨ ᠡᠷᠭᠢᠯᠡᠭᠰᠡᠨ ︽ᠳᠠᠭᠤᠤ ᠪᠠᠷ ᠥᠪᠥᠷ ᠮᠣᠩᠭᠤᠯ ᠳᠤ ᠵᠤᠭᠠᠴᠠᠬᠤ︾ ᠡᠷᠢᠶᠡᠨ | ᠬᠤᠲᠠ ᠶᠢᠨ ᠮᠦᠽᠧᠶ ᠶᠢᠨ ᠠᠵᠢᠯᠯᠠᠭ᠎ᠠ ᠡᠬᠢᠯᠡᠪᠡ᠃ | ᠠᠵᠢᠯᠯᠠᠭ᠎ᠠ ᠶᠢᠨ ᠳᠤᠮᠳᠠ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠭᠰᠠᠨ ᠲᠦᠷᠪᠡ ᠳᠠᠪᠲᠠᠯᠲᠠ᠂ | ᠢᠷᠠᠭᠤ ᠰᠠᠶᠢᠬᠠᠨ ᠮᠣᠷᠢᠨ ᠬᠤᠭᠤᠷ ᠵᠡᠷᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠲᠠᠯ᠎ᠠ | ᠨᠤᠲᠤᠭ ᠤᠨ ᠬᠥᠪᠡᠭᠦᠳ ᠥᠬᠢᠳ ᠤᠨ ᠨᠤᠲᠤᠭ ᠤᠰᠤᠨ ᠳᠠᠭᠠᠨ ᠬᠠᠶᠢᠷᠠᠲᠠᠶ ᠪᠠ ᠰᠠᠶᠢᠨ ᠰᠠᠶᠢᠬᠠᠨ ᠢᠷᠡᠭᠡᠳᠦᠶ ᠶᠢᠨ | ᠲᠤᠬᠠᠶ ᠬᠦᠰᠡᠯ ᠡᠷᠡᠮᠡᠯᠵᠡᠯ ᠢ ᠳᠠᠭᠤᠯᠠᠵᠤ᠂ ᠪᠣᠭᠤᠮᠲᠠ ᠶᠢᠨ ᠬᠥᠪᠡᠭᠦᠳ ᠥᠬᠢᠳ ᠤᠨ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ | ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠥᠷᠭᠡᠨ ᠣᠯᠠᠨ ᠵᠤᠭᠠᠴᠠᠭᠰᠠᠳ ᠪᠠ ᠬᠤᠲᠠ ᠶᠢᠨ ᠠᠷᠠᠳ ᠲᠤ ᠨᠢᠭᠡ | ᠤᠳᠠᠭᠠᠨ ᠤ ᠭᠤᠶᠢᠳᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢᠨ ᠴᠠᠭ ᠤᠨ ᠠᠯᠭᠠᠰᠠᠯ ᠶᠡᠭᠡ ᠪᠠᠶᠢᠵᠤ᠂ 2025 | ᠣᠨ ᠤ 5 ᠰᠠᠷ᠎ᠠ ᠶᠢᠨ 1 ᠤ ᠡᠳᠦᠷ ᠪᠣᠯᠲᠠᠯ᠎ᠠ ᠦᠷᠭᠦᠯᠵᠢᠯᠡᠨ᠎ᠡ᠃ ᠲᠤᠰ ᠠᠵᠢᠯᠯᠠᠭ᠎ᠠ ᠶᠢ ᠡᠷᠭᠢᠯᠡᠭᠰᠡᠨ ᠨᠢ ᠮᠠᠨ ᠤ | ᠬᠤᠲᠠ ᠶᠢᠨ ᠡᠯᠪᠡᠭ ᠪᠠᠶᠠᠯᠢᠭ ᠰᠣᠶᠣᠯ ᠤᠨ ᠠᠭᠤᠯᠬᠤᠨ ᠪᠠ ᠵᠢᠭᠤᠯᠴᠢᠯᠠᠯ ᠤᠨ ᠡᠬᠢ ᠪᠠᠶᠠᠯᠢᠭ ᠢ | ᠬᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠪᠣᠭᠤᠮᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠲᠤ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ︽ᠳᠠᠭᠤᠤ ᠪᠠᠷ ᠥᠪᠥᠷ ᠮᠣᠩᠭᠤᠯ ᠳᠤ ᠵᠤᠭᠠᠴᠠᠬᠤ︾ ᠡᠷᠢᠶᠡᠨ | ᠬᠤᠲᠠ ᠶᠢᠨ ᠮᠦᠽᠧᠢ ᠶᠢᠨ ᠠᠵᠢᠯᠯᠠᠭ᠎ᠠ ᠨᠢ ᠲᠡᠭᠦᠨ ᠤ ᠥᠪᠡᠷᠮᠢᠴᠡ ᠬᠡᠪ ᠨᠠᠮᠪᠠ ᠪᠠᠷ ᠨᠡᠩ ᠣᠯᠠᠨ ᠵᠢᠭᠤᠯᠴᠢᠳ ᠢ | ᠲᠠᠲᠠᠵᠤ ᠡᠷᠢᠶᠡᠨ ᠬᠤᠲᠠ ᠳᠤ ᠣᠴᠢᠭᠤᠯᠵᠤ᠂ ᠡᠨᠡ ᠬᠦ ᠭᠠᠵᠠᠷ ᠰᠢᠷᠦᠢ ᠶᠢᠨ ᠰᠣᠶᠣᠯ ᠪᠠ ᠵᠠᠩ ᠦᠢᠯᠡ ᠶᠢ | ᠣᠶᠢᠯᠠᠭᠠᠨ᠎ᠠ᠃ |