| | 12 ᠰᠠᠷ᠎ᠠ ᠶᠢᠨ 20 ᠤ ᠡᠳᠦᠷ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠨᠠᠮ ᠤᠨ | ᠡᠭᠦᠷ ᠪᠣᠯᠤᠨ ᠤᠯᠠᠭᠠᠨ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠬᠠᠮᠲᠤᠷᠠᠨ ᠬᠥᠷᠰᠢ ᠵᠡᠷᠭᠡᠯᠡᠳᠡᠭᠡ | ᠵᠢᠵᠢᠭ ᠬᠤᠷᠢᠶᠠᠨ ᠳᠤ ᠣᠷᠣᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠳᠤ ᠰᠤᠳᠠᠯ ᠪᠠᠷᠢᠵᠤ ᠣᠨᠣᠰᠢᠯᠠᠪᠠ᠃ | | | | | ᠲᠤᠬᠠᠶ ᠶᠢᠨ ᠡᠳᠦᠷ᠂ ᠮᠡᠳᠡᠭᠡ ᠶᠢ ᠰᠣᠨᠣᠰᠤᠭᠠᠳ ᠢᠷᠡᠭᠰᠡᠨ ᠰᠠᠭᠤᠭᠠᠯᠢ ᠠᠷᠠᠳ ᠠᠯᠢ ᠡᠷᠲᠡ ᠠᠵᠢᠯᠯᠠᠭ᠎ᠠ ᠶᠢᠨ | ᠲᠤᠬᠠᠶ ᠶᠢᠨ ᠲᠠᠯᠠᠪᠤᠷ ᠲᠤ ᠬᠦᠷᠴᠦ᠂ ᠣᠯᠠᠨ ᠢᠶᠠᠷ ᠢᠶᠠᠨ ᠡᠮᠬᠢ ᠵᠢᠷᠤᠮ ᠲᠠᠢ ᠪᠠᠷ ᠰᠠᠭᠤᠵᠤ᠂ ᠬᠡᠷ ᠤᠨ ᠡᠭᠦᠳᠡᠨ ᠳᠤ | ᠬᠦᠷᠭᠡᠭᠰᠡᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠰᠣᠨᠣᠰᠬᠤ ᠪᠠᠷ ᠪᠡᠯᠡᠳᠬᠡᠪᠡ᠃ | ᠲᠠᠶᠢᠯᠤᠮᠵᠢ ᠳᠤ᠂ ᠡᠮᠴᠢ ᠨᠠᠷ ᠲᠥᠬᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠬᠡᠷᠡᠭ ᠤᠨ ᠵᠢᠱᠢᠶ᠎ᠡ ᠪᠠᠷ | ᠪᠠᠶᠢᠩᠭᠤ ᠲᠣᠬᠢᠶᠠᠯᠳᠤᠳᠠᠭ ᠨᠠᠰᠤᠲᠠᠶᠢᠴᠤᠳ ᠤᠨ ᠡᠪᠡᠳᠴᠢᠨ ᠤ ᠰᠢᠯᠲᠠᠭᠠᠨ᠂ ᠡᠳᠦᠷ ᠲᠤᠲᠤᠮ ᠤᠨ ᠢᠳᠡᠭᠡᠨ | ᠤᠮᠳᠠᠭᠠᠨ᠂ ᠠᠮᠢᠳᠤᠷᠠᠯ ᠤᠨ ᠳᠠᠳᠬᠠᠯ ᠤᠨ ᠡᠷᠡᠭᠦᠯ ᠮᠡᠨᠳᠦ ᠳᠤ ᠦᠵᠡᠭᠦᠯᠬᠦ ᠨᠥᠯᠥᠭᠡ᠂ ᠪᠠᠶᠢᠩᠭᠤ ᠲᠣᠬᠢᠶᠠᠯᠳᠤᠬᠤ | ᠡᠪᠡᠳᠴᠢᠨ ᠡᠮᠭᠡᠭ ᠢ ᠠᠷᠭᠠᠴᠠᠬᠤ ᠪᠠ ᠰᠤᠪᠢᠯᠠᠬᠤ ᠵᠡᠷᠭᠡ ᠲᠠᠯ᠎ᠠ ᠪᠠᠷ ᠰᠠᠭᠤᠭᠠᠯᠢ ᠠᠷᠠᠳ ᠲᠤ ᠨᠢᠭᠡᠨ ᠭᠤᠶᠢᠳᠠ | ᠰᠠᠶᠢᠬᠠᠨ ᠡᠷᠡᠭᠦᠯ ᠮᠡᠨᠳᠦ ᠶᠢᠨ ᠮᠡᠳᠡᠯᠭᠡ ᠶᠢᠨ ᠬᠢᠴᠢᠶᠡᠯ ᠤᠷᠤᠭᠰᠠᠨ ᠪᠠᠶᠢᠨ᠎ᠠ᠃ | | | | | ᠠᠵᠢᠯᠯᠠᠭ᠎ᠠ ᠶᠢᠨ ᠳᠤᠮᠳᠠ᠂ ᠪᠠᠰᠠ ᠰᠤᠳᠠᠯ ᠪᠠᠷᠢᠵᠤ ᠣᠨᠣᠰᠢᠯᠠᠬᠤ ᠠᠵᠢᠯᠯᠠᠭ᠎ᠠ ᠥᠷᠨᠢᠭᠦᠯᠪᠡ᠃ ᠡᠮᠨᠡᠯᠭᠡ ᠶᠢᠨ | ᠠᠵᠢᠯᠲᠠᠳ ᠬᠡᠷᠡᠭᠴᠡᠭᠡ ᠲᠠᠢ ᠰᠠᠭᠤᠭᠠᠯᠢ ᠠᠷᠠᠳ ᠲᠤ ᠰᠣᠷᠣᠭᠤᠯ ᠲᠠᠯᠪᠢᠬᠤ᠂ ᠢᠯᠢᠵᠦ ᠨᠤᠬᠤᠯᠠᠬᠤ᠂ ᠵᠡᠭᠦᠦ | ᠲᠥᠭᠡᠨᠡᠯᠭᠡ᠂ ᠡᠷᠡᠭᠦᠯᠵᠢᠯ ᠵᠡᠷᠭᠡ ᠦᠢᠯᠡᠴᠢᠯᠡᠭᠡᠨ ᠤ ᠲᠦᠷᠦᠯ ᠵᠦᠢᠯ ᠢ ᠬᠠᠩᠭᠠᠵᠤ᠂ ᠤᠯᠠᠨ ᠢ ᠬᠠᠪᠰᠤᠷᠤᠨ | ᠦᠷᠭᠦᠯᠵᠢ ᠬᠠᠷᠠᠭᠳᠠᠳᠠᠭ ᠮᠥᠷᠥᠨ ᠬᠦᠵᠦᠭᠦᠦ᠂ ᠨᠢᠷᠤᠭᠤ ᠡᠪᠡᠳᠬᠦ ᠵᠡᠷᠭᠡ ᠡᠪᠡᠳᠴᠢᠨ ᠢ ᠨᠠᠮᠳᠠᠭᠤᠯᠵᠤ᠂ ᠬᠢᠲᠠᠳ | ᠮᠣᠩᠭᠤᠯ ᠡᠮᠨᠡᠯᠭᠡ ᠶᠢᠨ ᠤᠯᠠᠮᠵᠢᠯᠠᠯᠲᠤ ᠹᠢᠽᠢᠺ ᠵᠠᠰᠠᠯ ᠤᠨ ᠥᠪᠡᠷᠮᠢᠴᠡ ᠡᠮᠴᠢᠯᠡᠭᠡᠨ ᠤ ᠠᠴᠢ ᠲᠤᠰᠠ ᠶᠢ | ᠮᠡᠳᠡᠷᠡᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢ ᠰᠡᠳᠬᠢᠯ ᠲᠠᠯᠪᠢᠨ ᠬᠠᠮᠠᠭᠠᠯᠠᠪᠠ᠃ | | |