| 12 ᠰᠠᠷ᠎ᠠ ᠶᠢᠨ 22 ᠤ ᠡᠳᠦᠷ᠂ 2024 ᠣᠨ ᠳᠤ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠣᠩᠭᠤᠯ | ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠤ ᠡᠷᠢᠶᠡᠨ ᠬᠤᠲᠠ ᠶᠢᠨ ᠥᠷᠲᠡᠭᠡᠨ ᠤ ᠰᠢᠯᠭᠠᠷᠠᠭᠤᠯᠬᠤ | ᠤᠷᠤᠯᠳᠤᠭᠠᠨ ᠲᠣᠯᠢ ᠭᠠᠴᠠᠭᠠᠨ ᠳᠤ ᠶᠠᠪᠤᠭᠳᠠᠵᠤ᠂ ᠣᠯᠠᠨ ᠲᠦᠮᠡᠨ ᠳᠤ ᠭᠤᠶᠢᠳᠠ ᠰᠠᠶᠢᠬᠠᠨ ᠤᠷᠤᠯᠳᠤᠭᠠᠨ ᠦᠵᠡᠬᠦᠯᠪᠡ᠃ | | | | | | ᠤᠷᠤᠯᠳᠤᠭᠠᠨ ᠨᠢ ᠦᠵᠡᠮᠦᠷᠢ ᠶᠢᠨ ᠴᠢᠨᠠᠷ ᠲᠠᠢ᠂ ᠮᠣᠩᠭᠤᠯ ᠮᠣᠷᠢᠨ ᠤ 30 ᠺᠢᠯᠣᠮᠧᠲᠷ ᠤᠨ ᠲᠡᠰᠪᠦᠷᠢ ᠶᠢᠨ | ᠤᠷᠤᠯᠳᠤᠭᠠᠨ᠂ 15 ᠺᠢᠯᠣᠮᠧᠲᠷ ᠤᠨ 3 ᠬᠥᠮᠦᠨ ᠤ ᠪᠦᠯᠬᠦᠮ ᠤᠨ ᠪᠤᠤᠬᠢᠶ᠎ᠠ ᠤᠷᠤᠯᠳᠤᠭᠠᠨ ᠲᠠᠢ ᠪᠠᠶᠢᠵᠤ᠂ ᠮᠠᠰᠢ ᠣᠯᠠᠨ | ᠠᠷᠠᠳ ᠲᠦᠮᠡᠨ ᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠪᠠ᠃ | | | | | | | ᠲᠣᠰ ᠤᠳᠠᠭᠠᠨ ᠤ ᠤᠷᠤᠯᠳᠤᠭᠠᠨ ᠨᠢ ᠮᠣᠷᠢᠴᠢᠨ ᠤ ᠬᠤᠪᠢ ᠬᠥᠮᠦᠨ ᠤ ᠴᠢᠳᠠᠪᠤᠷᠢ ᠶᠢᠨ ᠰᠢᠯᠭᠠᠯᠲᠠ ᠪᠣᠯᠬᠤ ᠪᠠᠷ | ᠪᠠᠷᠠᠬᠤ ᠥᠬᠡᠶ᠂ ᠨᠠᠩ ᠴᠤ ᠮᠣᠷᠢᠨ ᠤ ᠲᠥᠷᠥᠯ ᠵᠦᠢᠯ ᠪᠠ ᠪᠣᠯᠪᠠᠰᠤᠷᠠᠯ ᠤᠨ ᠬᠢᠷᠢ ᠲᠦᠪᠰᠢᠨ ᠤ ᠦᠵᠡᠭᠦᠯᠦᠯᠭᠡ ᠪᠣᠯᠤᠨ᠎ᠠ᠃ | ᠬᠠᠬᠢᠷ ᠬᠦᠢᠲᠡᠨ ᠠᠭᠤᠷ ᠠᠮᠢᠰᠬᠤᠯ ᠤᠨ ᠤᠷᠤᠯᠳᠤᠭᠠᠨ ᠳᠤ᠂ ᠣᠨᠣᠭᠠᠴᠢ ᠪᠣᠯᠣᠨ ᠮᠣᠷᠢᠨ ᠳᠤ ᠪᠦᠷ ᠬᠠᠲᠠᠭᠤ ᠰᠢᠯᠭᠠᠯᠲᠠ | ᠪᠣᠯᠣᠨ᠎ᠠ᠃ 11 ᠨᠠᠰᠤᠲᠠᠢ ᠪᠢᠴᠢᠬᠠᠨ ᠮᠣᠷᠢᠲᠤ ᠴᠡᠷᠢᠭ ᠬᠠᠯᠢᠭᠤᠨ ᠬᠡᠳᠣᠶᠢᠪᠡᠷ ᠨᠠᠰᠤ ᠪᠠᠭ᠎ᠠ ᠪᠣᠯᠪᠠᠴᠤ ᠨᠢᠭᠡᠨ ︽ᠮᠣᠷᠢ | ᠤᠨᠤᠭᠰᠠᠨ ᠠᠬᠠᠮᠠᠳ ᠵᠠᠩᠵᠤᠨ︾ ᠪᠣᠯᠵᠠᠢ᠃ ᠠᠪᠤ ᠶᠢᠨ ᠰᠤᠷᠭᠠᠯ ᠳᠣᠣᠷ᠎ᠠ᠂ ᠲᠡᠷᠡ ᠡᠯ᠎ᠡ ᠵᠦᠢᠯ ᠤᠨ ᠮᠣᠷᠢ ᠤᠨᠤᠬᠤ | ᠤᠷ᠎ᠠ ᠴᠢᠳᠠᠪᠤᠷᠢ ᠶᠢ ᠡᠵᠡᠮᠰᠢᠭᠰᠡᠨ ᠪᠠᠶᠢᠨ᠎ᠠ᠂ ᠥᠨᠥᠳᠥᠷ ᠪᠣᠯ ᠲᠡᠷᠡ ᠠᠩᠬ᠎ᠠ ᠤᠳᠠᠭ᠎ᠠ ᠤᠷᠤᠯᠳᠤᠭᠠᠨ ᠳᠤ ᠣᠷᠣᠯᠴᠠᠵᠤ᠂ | ᠨᠡᠩ ᠴᠦ ᠠᠩᠬ᠎ᠠ ᠤᠳᠠᠭ᠎ᠠ ᠤᠷᠤᠯᠳᠤᠭᠠᠨ ᠤ ᠲᠠᠯᠠᠪᠤᠷ ᠲᠤ ᠥᠪᠡᠷ ᠤᠨ ᠪᠡᠶ᠎ᠡ ᠲᠠᠢ ᠪᠠᠨ ᠵᠣᠷᠢᠭᠲᠠᠢ ᠥᠷᠢᠰᠦᠯᠳᠦᠵᠦ | ᠪᠠᠶᠢᠨ᠎ᠠ᠃ | ᠤᠷᠤᠯᠳᠤᠭᠠᠨ ᠳᠤ ᠣᠷᠣᠯᠴᠠᠭᠰᠠᠨ ᠪᠢᠴᠢᠬᠠᠨ ᠮᠣᠷᠢᠲᠤ ᠴᠡᠷᠢᠭ ᠬᠠᠯᠢᠭᠤᠨ᠄ ︽ᠪᠢ ᠬᠠᠷᠠᠬᠠᠨ ᠪᠠᠭ᠎ᠠ ᠠᠴᠠ ᠪᠠᠨ ᠮᠣᠷᠢ | ᠳᠤ ᠪᠠᠭ᠋ᠠᠲᠠᠢ᠂ ᠡᠨᠡ ᠤᠳᠠᠭ᠎ᠠ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ | | | | | ᠤᠷᠤᠯᠳᠤᠭᠠᠨ ᠤ ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠳ ᠬᠢᠨᠠᠭᠴᠢ ᠶᠢᠨ ᠵᠢᠭᠠᠪᠤᠷᠢ ᠶᠢ ᠳᠠᠭᠠᠵᠤ | ᠲᠠᠰᠢᠭᠤᠷᠳᠠᠪᠠ᠃ ᠮᠣᠷᠢᠳ ᠡᠷᠡᠯᠬᠡᠭᠯᠡᠨ ᠳᠠᠪᠬᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠡᠪᠦᠯ ᠤᠨ ᠡᠳᠦᠷ ᠤᠨ | ᠥᠪᠡᠷᠮᠢᠴᠡ ︽ᠬᠤᠷᠳᠤᠴᠠ ᠪᠠ ᠣᠷᠭᠢᠯᠤᠮ᠎ᠠ ᠰᠡᠳᠬᠢᠯᠭᠡ︾ ᠶᠢ ᠮᠡᠳᠡᠷᠡᠭᠦᠯᠪᠡ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠲᠣᠯᠢ ᠭᠠᠴᠠᠭᠠᠨ ᠤ ᠮᠠᠯᠴᠢᠨ ᠬᠤᠷ᠎ᠠ ᠶᠢᠨ ᠮᠣᠷᠢ ᠨᠢ | ᠤᠷᠤᠯᠳᠤᠭᠠᠨ ᠳᠤ ᠮᠠᠩᠯᠠᠶᠢᠯᠠᠵᠤ᠂ ᠲᠣᠯᠢ ᠭᠠᠴᠠᠭᠠᠨ ᠤ ᠮᠠᠯᠴᠢᠨ ᠬᠥᠬᠡ᠂ ᠪᠠᠭᠠᠲᠤᠷ ᠤᠨ ᠮᠣᠷᠢ ᠳᠡᠳᠡᠯᠡᠪᠡ᠃ | | | | | ᠮᠣᠩᠭᠤᠯ ᠮᠣᠷᠢᠨ ᠤ ᠬᠡᠲᠦ ᠲᠠᠰ ᠤᠨ ᠬᠤᠯᠪᠣᠭᠠᠲᠤ ᠤᠷᠤᠯᠳᠤᠭᠠᠨ ᠵᠢᠯ ᠤᠨ ᠳᠥᠷᠪᠡᠨ ᠤᠯᠠᠷᠢᠯ ᠳᠤ ᠲᠠᠰᠤᠷᠠᠯᠲᠠ | ᠥᠬᠡᠶ ᠶᠠᠪᠤᠭᠳᠠᠵᠤ᠂ ᠮᠠᠨ ᠤ ᠬᠤᠲᠠ ᠠᠳᠤᠭᠤᠨ ᠰᠣᠶᠣᠯ ᠤᠨ ᠡᠬᠢ ᠪᠠᠶᠠᠯᠢᠭ ᠪᠠ ᠯᠠᠪᠳᠠᠭᠤᠨ ᠪᠠᠲᠤᠲᠠᠶ ᠠᠳᠤᠭᠤᠨ ᠤ | ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠠᠳᠤᠭᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠵᠦ᠂ ᠠᠳᠤᠭᠤᠨ ᠤ ᠠᠵᠤ ᠦᠢᠯᠡᠰ ᠬᠢᠭᠡᠳ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠪᠣᠭᠤᠮᠲᠠ ᠶᠢᠨ ᠠᠯᠳᠠᠷᠰᠢᠯ ᠪᠠ | ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠨᠠᠩ | ᠭᠤᠶᠢᠳᠠ ᠰᠠᠶᠢᠬᠠᠨ ᠪᠣᠯᠭᠠᠪᠠ᠃ | | |