| | 12 ᠰᠠᠷ᠎ᠠ ᠶᠢᠨ 21 ᠤ ᠡᠳᠦᠷ ︽ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ | ᠮᠥᠰᠥ ᠴᠠᠰᠤᠨ ᠤ ᠤᠯᠠᠷᠢᠯ︾ ᠤᠨ ᠡᠬᠢᠯᠡᠯᠲᠡ ᠶᠢᠨ ᠶᠣᠰᠣᠯᠠᠯ ᠵᠢᠴᠢ ᠡᠷᠢᠶᠡᠨ ᠬᠤᠲᠠ ᠶᠢᠨ ︽ᠳᠤᠮᠳᠠᠳᠤ ᠤᠯᠤᠰ ᠤᠨ | ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠯᠦᠩ ᠶᠣᠣ ᠬᠢᠯᠢ ᠶᠢᠨ ᠪᠣᠭᠤᠮᠲᠠ ᠶᠢᠨ ᠮᠥᠰᠥ ᠴᠠᠰᠤᠨ ᠤ | ᠰᠠᠶᠢᠬᠠᠨ ᠴᠠᠭ ᠦᠶ᠎ᠡ ᠬᠤᠨᠳᠦ ᠨᠠᠭᠤᠷ ᠤᠨ ᠴᠢᠭᠢᠭᠯᠢᠭ ᠭᠠᠵᠠᠷ ᠤᠨ ᠴᠡᠴᠡᠷᠯᠢᠭ ᠲᠤ ᠡᠬᠢᠯᠡᠭᠰᠡᠨ ᠢ ᠬᠠᠷᠠᠭᠤᠯᠵᠤ ᠪᠠᠶᠢᠨ᠎ᠠ᠂ | ᠡᠨᠡ ᠨᠢ ᠮᠠᠨ ᠤ ᠬᠤᠲᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠭᠪᠤᠷ ᠢᠶᠠᠨ ᠵᠢᠩᠬᠢᠨᠢ ᠪᠠᠷ ᠡᠬᠢᠯᠡᠭᠦᠯᠵᠦ᠂ ᠮᠥᠰᠥ | ᠴᠠᠰᠤᠨ ᠤ ᠬᠥᠳᠡᠯᠭᠡᠭᠡᠨ ᠨᠢ ᠪᠣᠭᠤᠮᠲᠠ ᠳᠤ ᠬᠥᠷ ᠬᠥᠭᠵᠢᠶᠡᠨ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ | | | | | | | ᠯᠦᠩ ᠶᠣᠣ ᠬᠢᠯᠢ ᠶᠢᠨ ᠭᠠᠳᠠᠨᠠᠬᠢ ᠮᠥᠰᠥ ᠴᠠᠰᠤᠨ ᠤ ᠨᠠᠶᠢᠷ ᠤᠨ ᠠᠵᠢᠯᠯᠠᠭ᠎ᠠ ᠶᠢᠨ ᠴᠠᠭ ᠨᠢ 2024 ᠣᠨ ᠤ 12 | ᠰᠠᠷ᠎ᠠ ᠶᠢᠨ 21 ᠤ ᠡᠳᠦᠷ ᠠᠴᠠ 2025 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ᠂ ᠰᠢᠷᠢᠰ ᠠᠵᠢᠯᠯᠠᠭ᠎ᠠ ᠶᠢ | ᠵᠠᠯᠭᠠᠭ᠎ᠠ ᠪᠠᠷ ᠡᠷᠭᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ | ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠥᠷᠭᠡᠨ ᠣᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ | ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠲᠤᠬᠠᠢ ᠶᠢᠨ ᠲᠠᠯᠠᠪᠠᠢ ᠳᠤ᠂ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠳᠤ ᠪᠠᠭ᠋ᠠᠲᠠᠶ ᠬᠥᠮᠦᠰ ᠪᠣᠯᠵᠤᠭ᠎ᠠ ᠦᠭᠡᠢ ᠪᠠᠷ ᠬᠠᠮᠲᠤ ᠴᠤᠭᠯᠠᠷᠠᠵᠤ᠂ ᠬᠠᠮᠲᠤ ᠪᠠᠷ ᠮᠥᠰᠥ | ᠴᠠᠰᠤᠨ ᠤ ᠶᠢᠷᠲᠢᠨᠴᠦ ᠳᠤ ᠵᠣᠭᠰᠣᠵᠤ᠂ ᠣᠯᠠᠨ ᠢᠶᠠᠷ ᠢᠶᠠᠨ ᠭᠠᠵᠠᠷ ᠬᠥᠳᠡᠯᠦᠯᠲᠡ ᠠᠴᠠ ᠪᠣᠯᠵᠤ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠬᠢᠵᠠᠭᠠᠯᠠᠰᠢ ᠦᠭᠡᠢ ᠲᠠᠲᠠᠬᠤ ᠬᠦᠴᠦᠨ ᠢ ᠮᠡᠳᠡᠷᠡᠵᠦ ᠪᠠᠶᠢᠨ᠎ᠠ᠃ | | | | | ᠶᠣᠰᠣᠯᠠᠯ ᠳᠠᠭᠤᠰᠤᠭᠰᠠᠨ ᠤ ᠳᠠᠷᠠᠭ᠎ᠠ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠳᠤᠷ᠎ᠠ ᠪᠠᠭ᠋ᠠᠲᠠᠶ ᠬᠥᠮᠦᠰ | ᠵᠢᠴᠢ ᠣᠯᠠᠨ ᠲᠦᠮᠡᠨ ᠮᠥᠰᠥ ᠴᠠᠰᠤᠨ ᠤ ᠡᠷᠡᠬᠦᠯᠵᠢᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ ᠣᠯᠠᠨ ᠢᠶᠠᠷ ᠢᠶᠠᠨ | ᠬᠤᠨᠳᠣ ᠨᠠᠭᠤᠷ ᠤᠨ ᠵᠠᠮ ᠳᠠᠭᠠᠤ ᠮᠥᠰᠥ ᠴᠠᠰᠤᠨ ᠤ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠨᠢᠭᠡ ᠲᠠᠯ᠎ᠠ ᠪᠠᠷ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠮᠡᠳᠡᠷᠡᠵᠦ᠂ ᠡᠷᠡᠭᠦᠯ ᠥᠭᠡᠳᠡᠷᠬᠡᠭ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠪᠠ᠃ | ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠬᠤ᠋ ᠫᠧᠩ ᠰᠢᠶᠠᠩ | ᠄ ︽ᠲᠣᠰ ᠤᠳᠠᠭᠠᠨ ᠤ ᠠᠵᠢᠯᠯᠠᠭ᠎ᠠ ᠨᠢ ᠢᠳᠡᠷᠡᠭᠦᠨ ᠠᠯᠬᠤᠭ᠎ᠠ᠂ ᠭᠠᠷᠠᠭ ᠪᠦᠷᠢ ᠶᠢᠨ ᠵᠢᠷᠭᠤᠭᠠᠨ ᠤ ᠡᠳᠦᠷ ᠶᠠᠪᠤᠭᠳᠠᠭᠰᠠᠨ | ᠥᠪᠥᠷ ᠮᠣᠩᠭᠤᠯ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠶᠢ ᠪᠠᠭᠲᠠᠭᠠᠭᠰᠠᠨ ᠮᠠᠰᠢ ᠣᠯᠠᠨ ᠠᠵᠢᠯᠯᠠᠭ᠎ᠠ ᠬᠤᠪᠢᠶᠠᠵᠠᠶ᠂ | ᠡᠭᠦᠨ ᠳᠤ ᠪᠠᠰᠠ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠢᠵᠦ᠂ ᠡᠨᠡ ᠬᠤᠭᠤᠴᠠᠭᠠᠨ ᠳᠤ | ᠵᠤᠭᠠᠴᠠᠭᠰᠠᠳ ᠤᠨ ᠮᠥᠰᠥ ᠴᠠᠰᠤᠨ ᠤ ᠲᠠᠯᠠᠪᠠᠶ ᠳᠤ ᠣᠴᠢᠵᠤ ᠪᠡᠶ᠎ᠡ ᠶᠢᠨ ᠲᠠᠮᠢᠷ ᠤᠨ ᠠᠵᠢᠯᠯᠠᠭ᠎ᠠ ᠬᠢᠬᠦ ᠶᠢ ᠪᠠᠶᠠᠷᠯᠠᠨ | ᠤᠭᠲᠤᠵᠤ ᠪᠠᠶᠢᠨ᠎ᠠ︾ ᠭᠡᠵᠡᠶ᠃ | | | | | | | ᠣᠶᠢᠷ᠎ᠠ ᠶᠢᠨ ᠵᠢᠯ ᠠᠴᠠ᠂ ᠮᠠᠨ ᠤ ᠬᠤᠲᠠ ᠤᠯᠤᠰ ᠤᠨ ︽ᠭᠤᠷᠪᠠᠨ ᠳ᠋ᠦᠩᠰᠢᠭᠤᠷ ᠬᠥᠮᠦᠨ ᠮᠥᠰᠥ ᠴᠠᠰᠣᠨ ᠳᠤ | ᠬᠦᠷᠬᠦ︾ ᠠᠵᠠ ᠲᠣᠬᠢᠶᠠᠯ ᠢ ᠴᠢᠩᠭ᠎ᠠ ᠠᠳᠬᠤᠵᠤ᠂ ︽ᠮᠥᠰᠥ ᠴᠠᠰᠤᠨ ᠤ ᠠᠵᠤ ᠠᠬᠤᠶ︾ ᠶᠢ ᠪᠦᠬᠦ ᠬᠤᠲᠠ ᠶᠢᠨ | ᠵᠤᠭᠠᠴᠠᠯ ᠤᠨ ᠬᠥᠭᠵᠢᠯᠲᠡ ᠶᠢᠨ ᠴᠢᠬᠤᠯᠠ ᠵᠦᠢᠯ ᠪᠣᠯᠭᠠᠵᠤ᠂ ᠡᠪᠦᠯ ᠤᠨ ᠤᠯᠠᠷᠢᠯ ᠤᠨ ᠵᠤᠭᠠᠴᠠᠯ ᠤᠨ ᠪᠦᠲᠦᠭᠡᠭᠳᠡᠬᠦᠨ ᠤ | ᠬᠠᠩᠭᠠᠯᠭ᠎ᠠ ᠶᠢ ᠭᠦᠢᠴᠡᠳ ᠪᠠᠳᠠᠷᠠᠭᠤᠯᠵᠤ᠂ ᠮᠥᠰᠥ ᠴᠠᠰᠤᠨ ᠤ ᠵᠤᠭᠠᠴᠠᠯ ᠤᠨ ᠦᠢᠯᠡᠰ ᠤᠨ ᠰᠢᠨ᠎ᠡ ᠶᠢ ᠡᠭᠦᠳᠴᠦ᠂ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠢ ᠶᠡᠬᠡᠪᠡᠷ ᠬᠥᠭᠵᠢᠭᠦᠯᠵᠦ᠂ ᠮᠥᠰᠥ ᠴᠠᠰᠤᠨ ᠤ ᠠᠷᠠᠳ ᠲᠤ ᠠᠰᠢᠭ ᠬᠦᠷᠲᠡᠭᠡᠬᠦ ᠶᠢ | ᠦᠷᠭᠦᠯᠵᠢᠯᠡᠨ ᠠᠬᠢᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ | ᠵᠤᠭᠠᠴᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠬᠦᠴᠦᠲᠡᠢ ᠠᠬᠢᠭᠤᠯᠵᠤ᠂ ︽ᠬᠦᠢᠲᠡᠨ ᠡᠬᠢ ᠪᠠᠶᠠᠯᠢᠭ︾ ᠢ ︽ | ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠵᠤ᠂ ᠥᠷᠭᠡᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠣᠶᠣᠯ ᠪᠡᠶ᠎ᠡ ᠶᠢᠨ | ᠲᠠᠮᠢᠷ ᠤᠨ ᠵᠤᠭᠠᠴᠠᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠪᠠ᠃ | | |