ᠡᠷᠡᠭᠦᠯ ᠮᠡᠨᠳᠦ ᠬᠦᠷᠭᠡᠨ ᠡᠷᠡᠭᠦᠯ ᠮᠡᠨᠳᠦ ᠶᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2024/12/23
   12 ᠰᠠᠷ᠎ᠠ ᠶᠢᠨ 20 ᠤ ᠡᠳᠦᠷ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠪᠣᠯᠤᠨ ᠤᠯᠠᠭᠠᠨ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠬᠠᠮᠲᠤᠷᠠᠨ ᠬᠥᠷᠰᠢ ᠵᠡᠷᠭᠡᠯᠡᠳᠡᠭᠡ ᠵᠢᠵᠢᠭ ᠬᠤᠷᠢᠶᠠᠨ ᠳᠤ ᠣᠷᠣᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠳᠤ ᠰᠤᠳᠠᠯ ᠪᠠᠷᠢᠵᠤ ᠣᠨᠣᠰᠢᠯᠠᠪᠠ᠃     ᠲᠤᠬᠠᠶ ᠶᠢᠨ ᠡᠳᠦᠷ᠂ ᠮᠡᠳᠡᠭᠡ ᠶᠢ ᠰᠣᠨᠣᠰᠤᠭᠠᠳ ᠢᠷᠡᠭᠰᠡᠨ ᠰᠠᠭᠤᠭᠠᠯᠢ ᠠᠷᠠᠳ ᠠᠯᠢ ᠡᠷᠲᠡ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠣᠯᠠᠨ ᠢᠶᠠᠷ ᠢᠶᠠᠨ ᠡᠮᠬᠢ ᠵᠢᠷᠤᠮ ᠲᠠᠢ ᠪᠠᠷ ᠰᠠᠭᠤᠵᠤ᠂ ᠬᠡᠷ ᠤᠨ ᠡᠭᠦᠳᠡᠨ ᠳᠤ ᠬᠦᠷᠭᠡᠭᠰᠡᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠰᠣᠨᠣᠰᠬᠤ ᠪᠠᠷ ᠪᠡᠯᠡᠳᠬᠡᠪᠡ᠃     ᠲᠠᠶᠢᠯᠤᠮᠵᠢ ᠳᠤ᠂ ᠡᠮᠴᠢ ᠨᠠᠷ ᠲᠥᠬᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠬᠡᠷᠡᠭ ᠤᠨ ᠵᠢᠱᠢᠶ᠎ᠡ ᠪᠠᠷ ᠪᠠᠶᠢᠩᠭᠤ ᠲᠣᠬᠢᠶᠠᠯᠳᠤᠳᠠᠭ ᠨᠠᠰᠤᠲᠠᠶᠢᠴᠤᠳ ᠤᠨ ᠡᠪᠡᠳᠴᠢᠨ ᠤ ᠰᠢᠯᠲᠠᠭᠠᠨ᠂ ᠡᠳᠦᠷ ᠲᠤᠲᠤᠮ ᠤᠨ ᠢᠳᠡᠭᠡᠨ ᠤᠮᠳᠠᠭᠠᠨ᠂ ᠠᠮᠢᠳᠤᠷᠠᠯ ᠤᠨ ᠳᠠᠳᠬᠠᠯ ᠤᠨ ᠡᠷᠡᠭᠦᠯ ᠮᠡᠨᠳᠦ ᠳᠤ ᠦᠵᠡᠭᠦᠯᠬᠦ ᠨᠥᠯᠥᠭᠡ᠂ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠠᠷᠭᠠᠴᠠᠬᠤ ᠪᠠ ᠰᠤᠪᠢᠯᠠᠬᠤ ᠵᠡᠷᠭᠡ ᠲᠠᠯ᠎ᠠ ᠪᠠᠷ ᠰᠠᠭᠤᠭᠠᠯᠢ ᠠᠷᠠᠳ ᠲᠤ ᠨᠢᠭᠡᠨ ᠭᠤᠶᠢᠳᠠ ᠰᠠᠶᠢᠬᠠᠨ ᠡᠷᠡᠭᠦᠯ ᠮᠡᠨᠳᠦ ᠶᠢᠨ ᠮᠡᠳᠡᠯᠭᠡ ᠶᠢᠨ ᠬᠢᠴᠢᠶᠡᠯ ᠤᠷᠤᠭᠰᠠᠨ ᠪᠠᠶᠢᠨ᠎ᠠ᠃     ᠠᠵᠢᠯᠯᠠᠭ᠎ᠠ ᠶᠢᠨ ᠳᠤᠮᠳᠠ᠂ ᠪᠠᠰᠠ ᠰᠤᠳᠠᠯ ᠪᠠᠷᠢᠵᠤ ᠣᠨᠣᠰᠢᠯᠠᠬᠤ ᠠᠵᠢᠯᠯᠠᠭ᠎ᠠ ᠥᠷᠨᠢᠭᠦᠯᠪᠡ᠃ ᠡᠮᠨᠡᠯᠭᠡ ᠶᠢᠨ ᠠᠵᠢᠯᠲᠠᠳ ᠬᠡᠷᠡᠭᠴᠡᠭᠡ ᠲᠠᠢ ᠰᠠᠭᠤᠭᠠᠯᠢ ᠠᠷᠠᠳ ᠲᠤ ᠰᠣᠷᠣᠭᠤᠯ ᠲᠠᠯᠪᠢᠬᠤ᠂ ᠢᠯᠢᠵᠦ ᠨᠤᠬᠤᠯᠠᠬᠤ᠂ ᠵᠡᠭᠦᠦ ᠲᠥᠭᠡᠨᠡᠯᠭᠡ᠂ ᠡᠷᠡᠭᠦᠯᠵᠢᠯ ᠵᠡᠷᠭᠡ ᠦᠢᠯᠡᠴᠢᠯᠡᠭᠡᠨ ᠤ ᠲᠦᠷᠦᠯ ᠵᠦᠢᠯ ᠢ ᠬᠠᠩᠭᠠᠵᠤ᠂ ᠤᠯᠠᠨ ᠢ ᠬᠠᠪᠰᠤᠷᠤᠨ ᠦᠷᠭᠦᠯᠵᠢ ᠬᠠᠷᠠᠭᠳᠠᠳᠠᠭ ᠮᠥᠷᠥᠨ ᠬᠦᠵᠦᠭᠦᠦ᠂ ᠨᠢᠷᠤᠭᠤ ᠡᠪᠡᠳᠬᠦ ᠵᠡᠷᠭᠡ ᠡᠪᠡᠳᠴᠢᠨ ᠢ ᠨᠠᠮᠳᠠᠭᠤᠯᠵᠤ᠂ ᠬᠢᠲᠠᠳ ᠮᠣᠩᠭᠤᠯ ᠡᠮᠨᠡᠯᠭᠡ ᠶᠢᠨ ᠤᠯᠠᠮᠵᠢᠯᠠᠯᠲᠤ ᠹᠢᠽᠢᠺ ᠵᠠᠰᠠᠯ ᠤᠨ ᠥᠪᠡᠷᠮᠢᠴᠡ ᠡᠮᠴᠢᠯᠡᠭᠡᠨ ᠤ ᠠᠴᠢ ᠲᠤᠰᠠ ᠶᠢ ᠮᠡᠳᠡᠷᠡᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢ ᠰᠡᠳᠬᠢᠯ ᠲᠠᠯᠪᠢᠨ ᠬᠠᠮᠠᠭᠠᠯᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号