ᠰᠢᠯᠢ ᠶᠢᠨ ᠭᠤᠣᠯ ᠠᠶᠢᠮᠠᠭ ᠤᠨ ᠡᠪᠦᠯ ᠤᠨ ᠤᠯᠠᠷᠢᠯ ᠤᠨ ᠮᠣᠩᠭᠤᠯ ᠮᠣᠷᠢᠨ ᠤ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠤ ᠡᠷᠢᠶᠡᠨ ᠬᠤᠲᠠ ᠳᠠᠬᠢ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/12/23
   12 ᠰᠠᠷ᠎ᠠ ᠶᠢᠨ 22 ᠤ ᠡᠳᠦᠷ᠂ 2024 ᠣᠨ ᠳᠤ ᠰᠢᠯᠢ ᠶᠢᠨ ᠭᠤᠣᠯ ᠤᠨ ᠡᠪᠦᠯ ᠤᠨ ᠤᠯᠠᠷᠢᠯ ᠤᠨ ᠮᠣᠩᠭᠤᠯ ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠤ ᠡᠷᠢᠶᠡᠨ ᠬᠤᠲᠠ ᠶᠢᠨ ᠥᠷᠲᠡᠭᠡᠨ ᠤ ᠰᠢᠯᠭᠠᠷᠠᠭᠤᠯᠬᠤ ᠤᠷᠤᠯᠳᠤᠭᠠᠨ ᠲᠣᠯᠢ  ᠭᠠᠴᠠᠭᠠᠨ ᠳᠤ ᠶᠠᠪᠤᠭᠳᠠᠵᠤ᠂ ᠣᠯᠠᠨ ᠲᠦᠮᠡᠨ ᠳᠤ ᠭᠤᠶᠢᠳᠠ ᠰᠠᠶᠢᠬᠠᠨ ᠤᠷᠤᠯᠳᠤᠭᠠᠨ ᠦᠵᠡᠬᠦᠯᠪᠡ᠃    ᠤᠷᠤᠯᠳᠤᠭᠠᠨ ᠨᠢ ᠦᠵᠡᠮᠦᠷᠢ ᠶᠢᠨ ᠴᠢᠨᠠᠷ ᠲᠠᠢ᠂ ᠮᠣᠩᠭᠤᠯ ᠮᠣᠷᠢᠨ ᠤ 30 ᠺᠢᠯᠣᠮᠧᠲᠷ ᠤᠨ ᠲᠡᠰᠪᠦᠷᠢ ᠶᠢᠨ ᠤᠷᠤᠯᠳᠤᠭᠠᠨ᠂ 15 ᠺᠢᠯᠣᠮᠧᠲᠷ ᠤᠨ 3 ᠬᠥᠮᠦᠨ ᠤ ᠪᠦᠯᠬᠦᠮ ᠤᠨ ᠪᠤᠤᠬᠢᠶ᠎ᠠ ᠤᠷᠤᠯᠳᠤᠭᠠᠨ ᠲᠠᠢ ᠪᠠᠶᠢᠵᠤ᠂ ᠮᠠᠰᠢ ᠣᠯᠠᠨ ᠠᠷᠠᠳ ᠲᠦᠮᠡᠨ ᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠪᠠ᠃
  ᠲᠣᠰ ᠤᠳᠠᠭᠠᠨ ᠤ ᠤᠷᠤᠯᠳᠤᠭᠠᠨ ᠨᠢ ᠮᠣᠷᠢᠴᠢᠨ ᠤ ᠬᠤᠪᠢ ᠬᠥᠮᠦᠨ ᠤ ᠴᠢᠳᠠᠪᠤᠷᠢ ᠶᠢᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠮᠣᠷᠢᠨ ᠤ ᠲᠥᠷᠥᠯ ᠵᠦᠢᠯ ᠪᠠ ᠪᠣᠯᠪᠠᠰᠤᠷᠠᠯ ᠤᠨ ᠬᠢᠷᠢ ᠲᠦᠪᠰᠢᠨ ᠤ ᠦᠵᠡᠭᠦᠯᠦᠯᠭᠡ ᠪᠣᠯᠤᠨ᠎ᠠ᠃ ᠬᠠᠬᠢᠷ ᠬᠦᠢᠲᠡᠨ ᠠᠭᠤᠷ ᠠᠮᠢᠰᠬᠤᠯ ᠤᠨ ᠤᠷᠤᠯᠳᠤᠭᠠᠨ ᠳᠤ᠂ ᠣᠨᠣᠭᠠᠴᠢ ᠪᠣᠯᠣᠨ ᠮᠣᠷᠢᠨ ᠳᠤ ᠪᠦᠷ ᠬᠠᠲᠠᠭᠤ ᠰᠢᠯᠭᠠᠯᠲᠠ ᠪᠣᠯᠣᠨ᠎ᠠ᠃ 11 ᠨᠠᠰᠤᠲᠠᠢ ᠪᠢᠴᠢᠬᠠᠨ ᠮᠣᠷᠢᠲᠤ ᠴᠡᠷᠢᠭ  ᠬᠠᠯᠢᠭᠤᠨ ᠬᠡᠳᠣᠶᠢᠪᠡᠷ ᠨᠠᠰᠤ ᠪᠠᠭ᠎ᠠ ᠪᠣᠯᠪᠠᠴᠤ  ᠨᠢᠭᠡᠨ ︽ᠮᠣᠷᠢ ᠤᠨᠤᠭᠰᠠᠨ ᠠᠬᠠᠮᠠᠳ ᠵᠠᠩᠵᠤᠨ︾ ᠪᠣᠯᠵᠠᠢ᠃ ᠠᠪᠤ ᠶᠢᠨ ᠰᠤᠷᠭᠠᠯ ᠳᠣᠣᠷ᠎ᠠ᠂ ᠲᠡᠷᠡ ᠡᠯ᠎ᠡ ᠵᠦᠢᠯ ᠤᠨ ᠮᠣᠷᠢ ᠤᠨᠤᠬᠤ ᠤᠷ᠎ᠠ ᠴᠢᠳᠠᠪᠤᠷᠢ ᠶᠢ ᠡᠵᠡᠮᠰᠢᠭᠰᠡᠨ ᠪᠠᠶᠢᠨ᠎ᠠ᠂ ᠥᠨᠥᠳᠥᠷ ᠪᠣᠯ ᠲᠡᠷᠡ ᠠᠩᠬ᠎ᠠ ᠤᠳᠠᠭ᠎ᠠ ᠤᠷᠤᠯᠳᠤᠭᠠᠨ ᠳᠤ ᠣᠷᠣᠯᠴᠠᠵᠤ᠂ ᠨᠡᠩ ᠴᠦ ᠠᠩᠬ᠎ᠠ ᠤᠳᠠᠭ᠎ᠠ ᠤᠷᠤᠯᠳᠤᠭᠠᠨ ᠤ ᠲᠠᠯᠠᠪᠤᠷ ᠲᠤ ᠥᠪᠡᠷ ᠤᠨ ᠪᠡᠶ᠎ᠡ ᠲᠠᠢ ᠪᠠᠨ ᠵᠣᠷᠢᠭᠲᠠᠢ ᠥᠷᠢᠰᠦᠯᠳᠦᠵᠦ ᠪᠠᠶᠢᠨ᠎ᠠ᠃
  ᠤᠷᠤᠯᠳᠤᠭᠠᠨ ᠳᠤ ᠣᠷᠣᠯᠴᠠᠭᠰᠠᠨ ᠪᠢᠴᠢᠬᠠᠨ ᠮᠣᠷᠢᠲᠤ ᠴᠡᠷᠢᠭ ᠬᠠᠯᠢᠭᠤᠨ᠄ ︽ᠪᠢ ᠬᠠᠷᠠᠬᠠᠨ ᠪᠠᠭ᠎ᠠ ᠠᠴᠠ ᠪᠠᠨ ᠮᠣᠷᠢ ᠳᠤ ᠪᠠᠭ᠋ᠠᠲᠠᠢ᠂ ᠡᠨᠡ ᠤᠳᠠᠭ᠎ᠠ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃    ᠤᠷᠤᠯᠳᠤᠭᠠᠨ ᠤ ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠳ ᠬᠢᠨᠠᠭᠴᠢ ᠶᠢᠨ ᠵᠢᠭᠠᠪᠤᠷᠢ ᠶᠢ ᠳᠠᠭᠠᠵᠤ ᠲᠠᠰᠢᠭᠤᠷᠳᠠᠪᠠ᠃ ᠮᠣᠷᠢᠳ ᠡᠷᠡᠯᠬᠡᠭᠯᠡᠨ ᠳᠠᠪᠬᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠡᠪᠦᠯ ᠤᠨ ᠡᠳᠦᠷ ᠤᠨ ᠥᠪᠡᠷᠮᠢᠴᠡ ︽ᠬᠤᠷᠳᠤᠴᠠ ᠪᠠ ᠣᠷᠭᠢᠯᠤᠮ᠎ᠠ ᠰᠡᠳᠬᠢᠯᠭᠡ︾ ᠶᠢ ᠮᠡᠳᠡᠷᠡᠭᠦᠯᠪᠡ᠃
   ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠲᠣᠯᠢ ᠭᠠᠴᠠᠭᠠᠨ ᠤ ᠮᠠᠯᠴᠢᠨ ᠬᠤᠷ᠎ᠠ ᠶᠢᠨ ᠮᠣᠷᠢ ᠨᠢ ᠤᠷᠤᠯᠳᠤᠭᠠᠨ ᠳᠤ ᠮᠠᠩᠯᠠᠶᠢᠯᠠᠵᠤ᠂ ᠲᠣᠯᠢ ᠭᠠᠴᠠᠭᠠᠨ ᠤ ᠮᠠᠯᠴᠢᠨ ᠬᠥᠬᠡ᠂ ᠪᠠᠭᠠᠲᠤᠷ ᠤᠨ ᠮᠣᠷᠢ ᠳᠡᠳᠡᠯᠡᠪᠡ᠃    ᠮᠣᠩᠭᠤᠯ ᠮᠣᠷᠢᠨ ᠤ ᠬᠡᠲᠦ ᠲᠠᠰ ᠤᠨ ᠬᠤᠯᠪᠣᠭᠠᠲᠤ ᠤᠷᠤᠯᠳᠤᠭᠠᠨ ᠵᠢᠯ ᠤᠨ ᠳᠥᠷᠪᠡᠨ ᠤᠯᠠᠷᠢᠯ ᠳᠤ ᠲᠠᠰᠤᠷᠠᠯᠲᠠ ᠥᠬᠡᠶ ᠶᠠᠪᠤᠭᠳᠠᠵᠤ᠂ ᠮᠠᠨ ᠤ ᠬᠤᠲᠠ ᠠᠳᠤᠭᠤᠨ ᠰᠣᠶᠣᠯ ᠤᠨ ᠡᠬᠢ ᠪᠠᠶᠠᠯᠢᠭ ᠪᠠ ᠯᠠᠪᠳᠠᠭᠤᠨ ᠪᠠᠲᠤᠲᠠᠶ ᠠᠳᠤᠭᠤᠨ ᠤ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠠᠳᠤᠭᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠵᠦ᠂ ᠠᠳᠤᠭᠤᠨ ᠤ ᠠᠵᠤ ᠦᠢᠯᠡᠰ ᠬᠢᠭᠡᠳ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠵᠤ ᠂ ᠪᠣᠭᠤᠮᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠨᠠᠩ ᠭᠤᠶᠢᠳᠠ ᠰᠠᠶᠢᠬᠠᠨ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号