ᠬᠤᠳᠠ ᠶᠢᠨ ᠵᠠᠰᠠᠭ ᠤᠨ ᠣᠷᠳᠣᠨ 2024 ᠣᠨ ᠤ 25 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/24
     12 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠮᠠ ᠬᠠᠢ ᠲᠤᠤ ᠬᠤᠳᠠ ᠶᠢᠨ ᠵᠠᠰᠠᠭ ᠤᠨ ᠣᠷᠳᠣᠨ ᠤ 2024 ᠣᠨ ᠤ 25 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠬᠥᠭᠵᠢᠯᠲᠡ ᠶᠢ ᠠᠳᠬᠤᠵᠤ᠂ ᠪᠦᠬᠦ ᠲᠠᠯ᠎ᠠ ᠳᠤ ᠵᠣᠭᠰᠣᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠡᠨᠡ ᠵᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠲᠥᠯᠥᠪᠵᠢᠭᠦᠯᠬᠦ ᠬᠡᠷᠡᠭᠲᠡᠢ᠃    ᠬᠤᠷᠠᠯ ᠠᠴᠠ᠂ ᠰᠢᠨ᠎ᠡ ᠱᠠᠲᠤ ᠦᠶ᠎ᠡ ᠶᠢᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠡᠷᠢᠶᠡᠨ ᠪᠣᠭᠤᠮᠲᠠ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠢᠭᠡ ᠪᠦᠯᠦᠭ ᠰᠠᠭᠤᠷᠢ ᠴᠢᠨᠠᠷᠲᠠᠶ ᠥᠭᠡᠷᠡᠴᠢᠯᠡᠯᠲᠡ ᠶᠢᠨ ᠵᠦᠢᠯᠡᠰ ᠪᠠ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠲᠣᠭᠲᠠᠭᠠᠵᠤ᠂ ᠡᠭᠦᠳᠦᠨ ᠪᠠᠶᠢᠭᠤᠯᠬᠤ ᠠᠵᠢᠯ ᠤᠨ ᠦᠨᠡᠨ ᠪᠣᠳᠠᠲᠠᠶ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠲᠣᠭᠲᠠᠴᠠ ᠶᠢ ᠭᠦᠨᠵᠡᠭᠡᠢ ᠰᠤᠳᠤᠯᠤᠨ ᠪᠠᠶᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号