【 ᠪᠢ ᠣᠯᠠᠨ ᠲᠦᠮᠡᠨ ᠳᠤ ᠪᠣᠳᠠᠲᠠᠢ ᠠᠵᠢᠯ ᠬᠢᠨ᠎ᠡ 】 ᠬᠠᠶᠢᠷ᠎ᠠ ᠬᠠᠯᠠᠮᠵᠢ ᠶᠢᠨ ᠭᠠᠯ ᠤᠨᠲᠠᠷᠠᠭᠠᠭᠤᠷ ᠬᠦᠷᠭᠡᠵᠦ ᠭᠠᠷ ᠬᠤᠯᠪᠣᠨ ᠬᠠᠮᠲᠤ ᠪᠠᠷ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/12/24
     ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠨ᠎ᠡ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠬᠤ ᠶᠢᠨ ᠳᠣᠯᠠᠳᠠ᠂ ᠣᠶᠢᠷ᠎ᠠ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠶᠢᠨ ᠲᠥᠯᠥᠭᠡ᠂ ᠪᠠᠷᠠᠭᠤᠨ ᠬᠤᠳᠠ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠠᠯᠠᠪᠤᠷ ᠣᠷᠳᠣᠨ ᠳᠤ ᠭᠠᠯ ᠤᠨᠲᠠᠷᠠᠭᠠᠭᠤᠷ 10 ᠶᠢ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ᠃        ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ᠲᠠᠨᠢᠵᠤ ᠠᠪᠬᠤ ᠠᠵᠢᠯ ᠤᠨ ᠳᠤᠮᠳᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠨᠠᠷᠢᠨ ᠨᠢᠮᠪᠠᠶ ᠰᠣᠩᠭᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠰᠠᠬᠢᠨ ᠬᠠᠮᠠᠭᠠᠯᠠᠪᠠ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠨᠠᠷᠢᠨ ᠲᠠᠩᠰᠠ ᠪᠣᠯ ᠡᠭᠦᠷᠭᠡ ᠪᠣᠯᠬᠤ ᠪᠠᠷ ᠪᠠᠷᠠᠬᠤ ᠥᠬᠡᠶ᠂ ᠨᠠᠩ ᠴᠤ ᠨᠠᠮ ᠤᠨ ᠭᠡᠰᠢᠭᠦᠨ ᠺᠠᠳ᠋ᠷ ᠨᠢᠭᠡᠪᠦᠷᠢ ᠶᠢᠨ ᠰᠡᠳᠬᠢᠯ ᠳᠠᠬᠢ ᠠᠷᠠᠳ ᠲᠦᠮᠡᠨ ᠳᠤ ᠦᠢᠯᠡᠴᠢᠯᠡᠬᠦ ᠴᠢᠩ ᠦᠨᠡᠨᠴᠢ ᠤᠭ ᠰᠠᠨᠠᠭ᠎ᠠ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号