ᠣᠶᠢᠷ᠎ᠠ ᠶᠢᠨ ᠵᠢᠯ ᠳᠤ᠂ ᠮᠠᠨ ᠤ ᠬᠤᠲᠠ ︽ᠪᠣᠭᠤᠮᠲᠠ+︾ ᠠᠵᠤ ᠠᠬᠤᠶ ᠶᠢ ᠶᠡᠬᠡᠪᠡᠷ ᠬᠥᠭᠵᠢᠭᠦᠯᠵᠦ᠂ | ᠣᠷᠣᠨ ᠪᠠᠶᠢᠷᠢ ᠶᠢᠨ ᠳᠠᠪᠠᠭᠤᠯᠢᠭ ᠢ ᠨᠡᠭᠡᠭᠡᠯᠲᠡᠲᠦ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠢᠳᠡᠪᠬᠢᠲᠡᠶ | ᠠᠬᠢᠭᠤᠯᠵᠤ᠂ ᠪᠣᠭᠤᠮᠲᠠ ᠶᠢᠨ ᠠᠵᠤ ᠠᠬᠤᠶ ᠶᠢᠨ ᠴᠢᠨᠠᠷ ᠴᠢᠨᠰᠠᠭ᠎ᠠ ᠦᠷ᠎ᠡ ᠠᠰᠢᠭ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠪᠡ᠃ | | | | | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠤᠯᠠᠮᠵᠢᠯᠠᠯᠲᠤ ᠶᠡᠭᠡ ᠬᠡᠮᠵᠢᠶᠡᠨ ᠤ ᠲᠠᠸᠠᠷ ᠤᠨ | ᠠᠷᠠᠯᠵᠢᠶ᠎ᠠ ᠪᠠᠨ ᠪᠠᠬᠢᠵᠢᠭᠦᠯᠵᠦ᠂ ᠨᠡᠭᠦᠷᠡᠰᠦ᠂ ᠰᠢᠩᠭᠡᠨᠵᠢᠮᠡᠯ ᠴᠢᠯᠠᠭᠤᠨ ᠲᠣᠰᠣᠨ ᠤ ᠬᠡᠢ᠂ ᠬᠠᠶᠢᠯᠤᠭᠤᠷ ᠵᠣᠩᠰᠢ᠂ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠲᠠᠸᠠᠷ ᠤᠨ ᠳᠠᠯᠳᠠ ᠬᠦᠴᠦᠨ ᠢ ᠠᠭᠤᠳᠠᠯᠵᠤ᠂ ᠬᠢᠯᠢ | ᠠᠯᠤᠰᠯᠠᠭᠰᠠᠨ ᠡᠯᠧᠺᠲᠷᠦᠨ ᠬᠤᠳᠠᠯᠳᠤᠭ᠎ᠠ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠵᠡᠷᠭᠡ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠮᠥᠵᠢᠭᠦᠯᠪᠡ᠃ ᠣᠳᠣᠬᠠᠨ ᠳᠤ᠂ ᠪᠥᠬᠦ ᠬᠤᠲᠠ ᠳᠤ ᠨᠡᠶᠢᠲᠡ 4 | ᠠᠵᠤ ᠠᠬᠤᠶᠢᠯᠠᠯ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠬᠢᠷᠢ ᠬᠡᠮ ᠲᠠᠢ ᠪᠣᠯᠪᠠ᠃ | | | | | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠤ 11 ᠰᠠᠷ᠎ᠠ ᠳᠤ᠂ ᠡᠷᠢᠶᠡᠨ | ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 1964.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 11% ᠪᠠᠷ ᠨᠡᠮᠡᠭᠳᠡᠪᠡ᠃ ᠡᠭᠦᠨ ᠤ ᠬᠠᠮᠲᠤ ᠡᠷᠢᠶᠡᠨ ᠬᠤᠲᠠ ᠶᠢᠨ ᠪᠣᠭᠤᠮᠲᠠ ᠶᠢᠨ ᠬᠢᠨ ᠵᠠᠰᠠᠮᠠᠯ ᠵᠠᠮ ᠲᠡᠮᠦᠷ | ᠵᠠᠮ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ ᠴᠢᠩᠭᠡᠯᠢᠭ ᠤᠨ ᠲᠤᠰᠬᠠᠶ ᠲᠡᠭᠡᠭᠡᠪᠦᠷᠢ᠂ ᠵᠠᠰᠠᠮᠠᠯ | ᠵᠠᠮ ᠤᠨ ᠬᠤᠣᠰ ᠴᠢᠷᠦᠭᠦᠯ ᠲᠡᠭᠡᠭᠡᠪᠦᠷᠢ ᠵᠡᠷᠭᠡ ᠶᠢ ᠪᠤᠶᠢᠵᠢᠭᠤᠯᠤᠨ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢ | ᠬᠥᠭᠵᠢᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠴᠢᠩᠭᠡᠯᠢᠭ ᠤᠨ ᠪᠠᠷᠠᠭᠠᠨ ᠤ ᠭᠦᠢᠯᠭᠡᠭᠡ᠂ ᠠᠶᠤᠯᠲᠠᠢ | ᠬᠢᠮᠢ ᠶᠢᠨ ᠪᠣᠳᠠᠰ ᠵᠡᠷᠭᠡ ᠲᠤᠰᠬᠠᠢ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ | ᠪᠠᠶᠢᠷᠢᠰᠢᠭᠤᠯᠵᠤ᠂ ᠧᠦ᠋ᠷᠣᠫᠠ ᠠᠽᠢᠶ᠎ᠠ ᠶᠢᠨ ᠨᠡᠶᠢᠲᠡ ᠶᠢᠨ ᠬᠡᠷᠡᠭᠯᠡᠭᠡᠨ ᠤ ᠬᠡᠯᠪᠡᠷᠢ ᠶᠢᠨ ᠭᠠᠶᠢᠯᠢ ᠪᠠᠲᠤᠯᠠᠬᠤ | ᠬᠥᠮᠥᠷᠭᠡ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ︽ᠪᠣᠭᠤᠮᠲᠠ ᠶᠢᠨ ᠡᠳ᠋ᠰᠢᠭᠦᠯᠬᠦ︾ ᠲᠠᠯ᠎ᠠ ᠪᠠᠷ᠂ | ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠲᠤᠬᠠᠶ ᠶᠢᠨ ᠭᠠᠵᠠᠷ ᠲᠤᠨᠢ ᠡᠳ᠋ᠰᠢᠭᠦᠯᠬᠦ | ᠬᠡᠪᠴᠢᠶ᠎ᠡ ᠶᠢ ᠪᠤᠵᠠᠭᠠᠶᠢᠷᠠᠭᠤᠯᠤᠨ᠂ ᠣᠷᠣᠰ ᠮᠣᠩᠭᠤᠯ ᠯᠤᠭ᠎ᠠ ᠶᠢᠨ ᠠᠭᠤᠷᠬᠠᠶ ᠶᠢᠨ ᠪᠦᠲᠦᠭᠡᠭᠳᠡᠬᠦᠨ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠠᠳᠤ ᠠᠴᠠ ᠣᠷᠣᠭᠤᠯᠵᠤ ᠡᠳ᠋ᠰᠢᠭᠦᠯᠬᠦ ᠠᠵᠤ | ᠦᠢᠯᠡᠰ ᠢ ᠬᠦᠴᠦᠷᠬᠡᠭᠵᠢᠭᠦᠯᠦᠨ᠎ᠡ᠃ | ᠡᠷᠢᠶᠡᠨ ᠬᠤᠲᠠ ᠶᠢᠨ ᠪᠣᠭᠤᠮᠲᠠ ᠶᠢᠨ ᠬᠢᠨ ᠤᠯᠤᠰ ᠤᠨ ᠡᠭᠦᠳᠡᠨ ᠤ ᠪᠣᠭᠤᠮᠲᠠ᠂ ᠴᠠᠢ ᠶᠢᠨ ᠵᠠᠮ ᠤᠨ | ᠥᠷᠲᠡᠭᠡ᠂ ᠠᠪᠤᠷᠭᠤ ᠭᠦᠷᠪᠡᠯ ᠤᠨ ᠨᠤᠲᠤᠭ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠬᠢᠯᠢ ᠶᠢᠨ | ᠪᠣᠭᠤᠮᠲᠠ᠂ ᠠᠪᠤᠷᠭᠤ ᠭᠦᠷᠪᠡᠯ ᠤᠨ ᠰᠤᠳᠤᠯᠤᠨ ᠰᠤᠷᠤᠯᠴᠠᠬᠤ᠂ ᠴᠠᠢ ᠶᠢᠨ ᠥᠷᠲᠡᠭᠡ᠂ ᠣᠨᠳᠣᠣ ᠭᠠᠵᠠᠷ ᠵᠠᠩ | ᠦᠢᠯᠡ᠂ ᠠᠳᠤᠭᠤᠨ ᠤ ᠠᠵᠤ ᠦᠢᠯᠡᠰ ᠵᠡᠷᠭᠡ ᠪᠣᠭᠤᠮᠲᠠ ᠶᠢᠨ ᠥᠪᠡᠷᠮᠢᠴᠡ ᠣᠨᠴᠠᠯᠢᠭ ᠲᠠᠢ ︽ᠤᠮᠠᠷᠠᠲᠤ ᠬᠢᠯᠢ ᠶᠢᠨ | ᠰᠣᠶᠣᠯ︾ ᠤᠨ ᠨᠠᠷᠠᠲᠤ ᠲᠡᠮᠳᠡᠭᠲᠦ ᠶᠢ ᠲᠦᠷᠭᠡᠳᠬᠡᠨ ᠪᠣᠶ ᠪᠣᠯᠭᠠᠪᠠ᠃ ᠪᠦᠷᠢᠳᠬᠡᠯ ᠢ ᠦᠨᠳᠦᠰᠦᠯᠡᠪᠡᠯ᠂ ᠡᠨᠡ | ᠵᠢᠯ ᠤᠨ ᠲᠦᠷᠦᠭᠦᠤ 11 ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠤᠯᠤᠰ ᠤᠨ ᠳᠣᠲᠣᠭᠠᠳᠤ ᠭᠠᠳᠠᠭᠠᠳᠤ ᠶᠢᠨ | ᠵᠢᠭᠤᠯᠴᠢᠯᠠᠭᠴᠢ ᠶᠢ ᠨᠡᠶᠢᠲᠡ 210.3 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 36.7% ᠨᠡᠮᠡᠭᠳᠡᠪᠡ | ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠵᠠᠩ ᡁᠢ᠄ ︽ | ᠡᠨᠡ ᠵᠢᠯ ᠤᠨ ᠡᠪᠦᠯ ᠪᠢᠳᠡ ᠮᠥᠰᠥ ᠴᠠᠰᠤ ᠶᠢ ᠠᠰᠢᠭᠯᠠᠨ ᠵᠢᠭᠤᠯᠴᠢᠯᠠᠯ ᠤᠨ ᠰᠣᠶᠣᠯ ᠡᠷᠭᠢᠯᠡᠵᠦ᠂ ᠪᠣᠭᠤᠮᠲᠠ ᠶᠢᠨ | ᠮᠥᠰᠥ ᠴᠠᠰᠤᠨ ᠤ ᠰᠣᠶᠣᠯ ᠢ ᠲᠠᠨᠢᠯᠴᠠᠭᠤᠯᠤᠨ᠎ᠠ᠃ 2025 ᠣᠨ ᠪᠣᠯ ︿ᠠᠷᠪᠠᠨ ᠲᠠᠪᠤᠳᠤᠭᠠᠷ ᠲᠠᠪᠤᠨ ᠵᠢᠯ﹀ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠬᠢᠯᠡᠯᠲᠡ ᠶᠢᠨ ᠵᠢᠯ ᠪᠣᠯᠤᠨ᠎ᠠ᠂ ᠮᠠᠨ ᠤ ᠲᠣᠪᠴᠢᠶ᠎ᠠ ᠪᠣᠭᠤᠮᠲᠠ ᠶᠢᠨ | ᠵᠢᠭᠤᠯᠴᠢᠯᠠᠯ ᠤᠨ ︿ᠰᠢᠨ᠎ᠡ ᠨᠡᠷ᠎ᠡ ᠶᠢᠨ ᠬᠠᠭᠤᠳᠠᠰᠤ﹀ ᠶᠢ ᠬᠦᠴᠦᠯᠡᠨ ᠴᠣᠭᠴᠠᠯᠠᠵᠤ᠂ ᠣᠲᠣ ᠦᠶ᠎ᠡ ᠶᠢᠨ | ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠦᠨ᠂ ᠪᠣᠭᠤᠮᠲᠠ ᠶᠢᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠯ ᠤᠨ ᠦᠢᠯᠡᠰ ᠢ ᠪᠣᠭᠤᠮᠲᠠ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ︿ᠰᠢᠨ᠎ᠡ ᠬᠥᠳᠡᠯᠭᠡᠭᠦᠷ﹀ ᠪᠣᠯᠭᠠᠬᠤ ᠶᠢ ᠠᠬᠢᠭᠤᠯᠤᠨ᠎ᠠ᠃ |