| | ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 20 ᠤ ᠴᠠᠭᠢᠯᠭᠠᠨ ᠮᠡᠳᠡᠭᠡ ᠣᠣᠮᠧᠨ ᠤ ᠡᠬᠡ | ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠬᠰᠠᠨ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠡᠳᠦᠷ ᠳᠤᠮᠳᠠᠳᠤ | ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠣᠣᠮᠧᠨ ᠳᠤ ᠰᠠᠭᠤᠭ᠎ᠠ ᠴᠡᠷᠢᠭ ᠠᠩᠭᠢ ᠳᠤ ᠠᠵᠢᠯ ᠪᠠᠶᠢᠴᠠᠭᠠᠵᠤ᠂ | ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠣᠣᠮᠧᠨ ᠳᠤ | ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ | ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ | ᠂ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠬᠠᠮᠠᠭᠠᠯᠠᠯᠲᠠ ᠶᠢᠨ ᠠᠵᠢᠯ ᠢ | ᠭᠦᠢᠴᠡᠳᠬᠡᠬᠦ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠦᠴᠦᠷᠬᠡᠭ ᠶᠡᠭᠡ ᠲᠣᠭᠲᠠᠪᠤᠷᠢᠵᠢᠭᠤᠯᠬᠤ | ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠣᠮᠧᠨ ᠤ ᠣᠨᠴᠠᠯᠢᠭ ᠪᠦᠬᠦᠢ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠰᠢᠨ᠎ᠡ ᠪᠠᠶᠢᠳᠠᠯ ᠢ ᠦᠷᠭᠦᠯᠵᠢᠯᠡᠨ ᠡᠭᠦᠳᠦᠨ ᠨᠡᠭᠡᠭᠡᠬᠦ ᠳᠤ ᠨᠠᠩ | ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | | | | | 12 ᠰᠠᠷ᠎ᠠ ᠶᠢᠨ 20 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠣᠣᠮᠧᠨ ᠳᠤ ᠰᠠᠭᠤᠭ᠎ᠠ | ᠴᠡᠷᠢᠭ ᠠᠩᠭᠢ ᠳᠤ ᠠᠵᠢᠯ ᠪᠠᠶᠢᠴᠠᠭᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠡᠮᠦᠨ᠎ᠡ ᠠᠴᠠ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ | ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ ᠵᠢᠷᠤᠭ ᠪᠣᠯ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ | ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ | | ᠦᠳᠡ ᠶᠢᠨ ᠬᠤᠶᠢᠨᠠᠬᠢ 2 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ ᠣᠣᠮᠧᠨ ᠳᠤ ᠰᠠᠭᠤᠭ᠎ᠠ | ᠴᠡᠷᠢᠭ ᠠᠩᠭᠢ ᠶᠢᠨ ᠰᠢᠨ᠎ᠡ ᠬᠢᠯᠢ ᠶᠢᠨ ᠪᠣᠭᠤᠮᠲᠠ ᠬᠤᠸᠠᠷᠠᠨ ᠳᠤ ᠢᠷᠡᠪᠡ᠃ ᠰᠢ ᠶᠢᠨ ᠫᠢᠩ ᠡᠩ ᠲᠡᠷᠢᠭᠦᠨ ᠳᠤ | ᠴᠡᠷᠢᠭ ᠠᠩᠭᠢ ᠶᠢ ᠰᠢᠯᠭᠠᠨ ᠦᠵᠡᠪᠡ᠃ ᠰᠢᠯᠭᠠᠨ ᠦᠵᠡᠬᠦ ᠶᠢ ᠬᠦᠯᠢᠶᠡᠭᠰᠡᠨ ᠳᠠᠷᠤᠭ᠎ᠠ ᠪᠠᠶᠢᠯᠳᠤᠭᠴᠢᠳ ᠤᠨ | ᠴᠡᠷᠢᠭ ᠤᠨ ᠳᠦᠷᠢ ᠲᠥᠷᠬᠦ ᠲᠥᠪ ᠴᠢᠩᠭ᠎ᠠ᠂ ᠣᠮᠤᠭ ᠰᠦᠷ ᠪᠠᠳᠠᠷᠠᠩᠭᠤᠢ ᠪᠠᠶᠢᠯ᠎ᠠ᠃ ᠰᠦᠷ ᠵᠢᠪᠬᠤᠯᠠᠩᠲᠤ | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠠᠶᠠᠰ ᠤᠨ ᠳᠤᠮᠳᠠ᠂ ᠰᠢ ᠶᠢᠨ ᠫᠢᠩ ᠶᠣᠰᠣᠯᠠᠯ ᠤᠨ ᠵᠢᠭᠰᠠᠭᠠᠯ ᠤᠨ | ᠡᠩᠨᠡᠭᠡ᠂ ᠰᠡᠷᠭᠡᠶᠢᠯᠡᠨ ᠬᠠᠮᠠᠭᠠᠯᠠᠵᠤ ᠪᠠᠶᠢᠯᠳᠤᠭᠠᠨ ᠬᠢᠬᠦ ᠵᠢᠭᠰᠠᠭᠠᠯ ᠤᠨ ᠡᠩᠨᠡᠭᠡ᠂ ᠬᠦᠴᠦᠷᠬᠡᠭᠯᠡᠯ ᠢ ᠰᠡᠷᠭᠡᠶᠢᠯᠡᠬᠦ | ᠠᠵᠢᠯᠯᠠᠭ᠎ᠠ ᠶᠢᠨ ᠵᠢᠭᠰᠠᠭᠠᠯ ᠤᠨ ᠡᠩᠨᠡᠭᠡ᠂ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢᠨ ᠵᠢᠭᠰᠠᠭᠠᠯ ᠤᠨ ᠡᠩᠨᠡᠭᠡ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠭᠰᠠᠭᠠᠯ ᠤᠨ ᠡᠩᠨᠡᠭᠡ ᠶᠢ ᠳᠡᠰ ᠳᠠᠷᠠᠭᠠᠯᠠᠨ ᠰᠢᠯᠭᠠᠨ | ᠦᠵᠡᠪᠡ᠃ ︽ᠨᠥᠬᠦᠳ ᠨᠠᠷ ᠰᠠᠶᠢᠨ ᠪᠠᠶᠢᠨ᠎ᠠ ᠦᠦ︕︾᠂ ︽ᠲᠡᠷᠢᠭᠦᠯᠡᠭᠴᠢ ᠰᠠᠶᠢᠨ ᠪᠠᠶᠢᠨ᠎ᠠ ᠦᠦ︕︾᠂ ︽ | ᠨᠥᠬᠦᠳ ᠨᠠᠷ ᠵᠦᠳᠡᠷᠡᠯ᠎ᠡ︕︾᠂ ︽ᠠᠷᠠᠳ ᠲᠦᠮᠡᠨ ᠳᠤ ᠦᠢᠯᠡᠴᠢᠯᠡᠨ᠎ᠡ︕︾ ᠰᠢ ᠶᠢᠨ ᠫᠢᠩ ᠳᠠᠷᠤᠭ᠎ᠠ | ᠪᠠᠶᠢᠯᠳᠤᠭᠴᠢᠳ ᠲᠤ ᠳᠣᠲᠣᠨᠣ ᠮᠡᠨᠳᠦᠴᠢᠯᠡᠯ ᠬᠦᠷᠭᠡᠬᠦ ᠳᠤ ᠳᠠᠷᠤᠭ᠎ᠠ ᠪᠠᠶᠢᠯᠳᠤᠭᠴᠢᠳ ᠬᠠᠩᠭᠢᠨᠠᠮ᠎ᠠ ᠲᠠᠭᠤᠨ ᠢᠶᠠᠷ | ᠬᠠᠷᠢᠭᠤᠯᠪᠠ᠃ | ᠳᠠᠷᠠᠭ᠎ᠠ ᠨᠢ᠂ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ | ᠲᠥᠯᠥᠭᠡᠯᠡᠭᠴᠢ ᠶᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠪᠡ᠃ | | | | | 12 ᠰᠠᠷ᠎ᠠ ᠶᠢᠨ 20 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠣᠣᠮᠧᠨ ᠳᠤ ᠰᠠᠭᠤᠭ᠎ᠠ | ᠴᠡᠷᠢᠭ ᠠᠩᠭᠢ ᠳᠤ ᠠᠵᠢᠯ ᠪᠠᠶᠢᠴᠠᠭᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠡᠮᠦᠨ᠎ᠡ ᠠᠴᠠ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ | ᠴᠢᠩ ᠰᠡᠳᠬᠢᠯ ᠤᠨ ᠮᠡᠨᠳᠦᠴᠢᠯᠡᠯ ᠬᠦᠷᠭᠡᠪᠡ | | ᠵᠢᠷᠤᠭ ᠪᠣᠯ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ | ᠲᠥᠯᠥᠭᠡᠯᠡᠭᠴᠢ ᠶᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃ | | ᠰᠢ ᠶᠢᠨ ᠫᠢᠩ᠂ 25 ᠵᠢᠯ ᠤᠨ ᠲᠤᠷᠰᠢ ᠣᠣᠮᠧᠨ ᠳᠤ ᠰᠠᠭᠤᠭ᠎ᠠ ᠴᠡᠷᠢᠭ ᠠᠩᠭᠢ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠢᠭᠠᠪᠤᠷᠢ ᠶᠢ ᠭᠤᠶᠢᠪᠢᠰᠢ | ᠦᠭᠡᠢ ᠬᠡᠷᠡᠭᠵᠢᠭᠦᠯᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯᠣᠨ | ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦ ᠪᠤᠯᠬᠤ ᠬᠠᠤᠯᠢ᠂ ᠰᠠᠭᠤᠭ᠎ᠠ ᠴᠡᠷᠢᠭ ᠤᠨ ᠬᠠᠤᠯᠢ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠠᠭᠠᠯᠠᠯᠲᠠ ᠶᠢᠨ ᠠᠵᠢᠯ ᠤᠨ ᠬᠠᠷᠢᠭᠤᠴᠠᠯᠭ᠎ᠠ ᠪᠠᠨ ᠦᠨᠡᠨᠴᠢ ᠰᠢᠳᠤᠷᠭᠤ | ᠭᠦᠢᠴᠡᠳᠬᠡᠵᠦ᠂ ᠠᠯᠢ ᠤᠯᠠᠨ ᠡᠭᠦᠷᠭᠡ ᠶᠢ ᠭᠠᠷᠮᠠᠭᠠᠢ ᠪᠡᠶᠡᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ | ᠂ ᠬᠥᠭᠵᠢᠯᠲᠡ ᠶᠢᠨ ᠠᠰᠢᠭ ᠲᠤᠰᠠ ᠪᠣᠯᠣᠨ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ | ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠦ᠂ ᠥᠷᠭᠡᠨ ᠤᠯᠠᠨ ᠣᠣᠮᠧᠨ ᠤ ᠠᠬ᠎ᠠ ᠳᠡᠭᠦᠦ | ᠨᠠᠷ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠭᠦᠷᠲᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠨᠢ ᠣᠨᠴᠠᠭᠠᠢ᠂ | ᠡᠭᠦᠷᠭᠡ ᠬᠠᠷᠢᠭᠤᠴᠠᠯᠭ᠎ᠠ ᠨᠢ ᠣᠨᠴᠠᠭᠠᠢ᠂ ᠰᠠᠭᠤᠭ᠎ᠠ ᠭᠠᠵᠠᠷ ᠤᠨ ᠣᠷᠴᠢᠨ ᠲᠣᠭᠤᠷᠢᠨ ᠣᠨᠴᠠᠭᠠᠢ ᠶᠤᠮ᠃ ᠴᠡᠷᠢᠭ | ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠪᠠᠷ ᠴᠡᠷᠢᠭ ᠢ ᠪᠠᠶᠢᠭᠤᠯᠬᠤ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ᠂ ᠴᠡᠷᠢᠭ ᠠᠩᠭᠢ ᠶᠢᠨ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠠᠶᠢᠴᠢᠨ | ᠡᠩᠨᠡᠭᠡ ᠶᠢᠨ ᠤᠬᠠᠮᠰᠠᠷ ᠢᠶᠠᠨ ᠴᠢᠩᠭᠠᠳᠬᠠᠵᠤ᠂ ᠬᠠᠮᠠᠭᠠᠯᠠᠯᠲᠠ ᠶᠢᠨ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠴᠡᠷᠢᠭ ᠪᠤᠯᠪᠠᠰᠤᠷᠠᠭᠤᠯᠵᠤ ᠲᠡᠶᠢᠨ ᠳᠤ ᠪᠡᠯᠡᠳᠬᠡᠬᠦ ᠶᠢ ᠴᠢᠩᠭᠠᠳᠬᠠᠵᠤ᠂ ᠨᠠᠮ ᠪᠣᠯᠣᠨ ᠠᠷᠠᠳ | ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠭᠦᠢᠴᠡᠳᠬᠡᠬᠦ ᠬᠡᠷᠡᠭᠲᠡᠢ᠃ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠪᠦᠭᠦ ᠲᠠᠯ᠎ᠠ ᠪᠠᠷ ᠴᠡᠷᠢᠭ ᠢ ᠴᠢᠩᠭ᠎ᠠ | ᠵᠠᠰᠠᠵᠤ᠂ ᠴᠡᠷᠢᠭ ᠠᠩᠭᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯ ᠪᠠ ᠠᠮᠤᠷ ᠲᠦᠪᠰᠢᠨ ᠲᠣᠭᠲᠠᠭᠤᠨ | ᠪᠠᠶᠢᠳᠠᠯ ᠢ ᠪᠠᠲᠤᠯᠠᠵᠤ᠂ ᠮᠠᠨ ᠤ ᠴᠡᠷᠢᠭ ᠤᠨ ᠰᠦᠷ ᠵᠢᠪᠬᠤᠭᠠᠲᠤ ᠴᠡᠷᠢᠭ᠂ ᠪᠣᠯᠪᠠᠰᠤᠨ ᠴᠡᠷᠢᠭ ᠤᠨ ᠳᠦᠷᠢ | ᠲᠥᠷᠬᠦ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠴᠢ᠂ ᠾᠧ ᠸᠧᠢ ᠳ᠋ᠦᠩ᠂ ᠰᠢᠶᠠ ᠪᠦᠦ ᠯᠦᠩ ᠪᠣᠯᠣᠨ ᠼᠧᠨ ᠬᠤᠤ ᠬᠤᠢ ᠨᠠᠷ ᠬᠤᠯᠪᠣᠭᠳᠠᠯ ᠪᠦᠬᠦᠢ | ᠠᠵᠢᠯᠯᠠᠭ᠎ᠠ ᠳᠤ ᠣᠷᠣᠯᠴᠠᠪᠠ᠃ |