︽ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ︾ ᠤᠨ ᠡᠬᠢᠯᠡᠯᠲᠡ ᠶᠢᠨ ᠶᠣᠰᠣᠯᠠᠯ ᠵᠢᠴᠢ ᠡᠷᠢᠶᠡᠨ ᠬᠤᠲᠠ ᠶᠢᠨ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠬᠢᠯᠢ ᠶᠢᠨ ᠪᠣᠭᠤᠮᠲᠠ ᠶᠢᠨ ᠮᠥᠰᠥ ᠴᠠᠰᠤᠨ ᠤ ᠨᠠᠶᠢᠷ  ᠡᠬᠢᠯᠡᠭᠰᠡᠨ
ᠨᠡᠶᠢᠲᠡᠯᠡᠭᠰᠡᠨ ᠴᠠᠭ᠄
2024/12/26
ᠤᠷᠴᠢᠭᠤᠯᠤᠭᠴᠢ᠄  ᠰᠤᠯᠤᠩᠭᠤᠸ᠎ᠡᠤᠳᠤᠷᠢᠳᠬᠠᠯ᠄     12.21  ᠤ ᠡᠳᠦᠷ᠂ ︽ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ︾  ᠤᠨ ᠡᠬᠢᠯᠡᠯᠲᠡ ᠶᠢᠨ ᠶᠣᠰᠣᠯᠠᠯ ᠵᠢᠴᠢ ᠡᠷᠢᠶᠡᠨ ᠬᠤᠳᠠ ᠶᠢᠨ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ   ᠬᠤᠨᠳᠠᠭᠠᠲᠤ︾ ᠬᠢᠯᠢ ᠶᠢᠨ ᠪᠣᠭᠤᠮᠲᠠ ᠶᠢᠨ ᠮᠥᠰᠥ ᠴᠠᠰᠤᠨ ᠤ  ᠨᠠᠶᠢᠷ ᠬᠤᠨᠳᠣ ᠨᠠᠭᠤᠷ ᠤᠨ ᠨᠤᠭᠤ ᠭᠠᠵᠠᠷ ᠤᠨ ᠴᠡᠴᠡᠷᠯᠢᠭ ᠲᠤ ᠡᠬᠢᠯᠡᠪᠡ᠂ ᠡᠨᠡ ᠨᠢ ᠮᠠᠨ ᠤ ᠬᠤᠳᠠ ᠶᠢᠨ ᠡᠪᠦᠯ ᠤᠨ ᠤᠯᠠᠷᠢᠯ ᠤᠨ ᠵᠤᠭᠠᠴᠠᠯ ᠤᠨ ᠵᠠᠭᠪᠤᠷ ᠢ ᠵᠢᠩᠬᠢᠨᠢ ᠪᠠᠷ ᠡᠬᠢᠯᠡᠭᠦᠯᠵᠦ᠂ ᠪᠣᠭᠤᠮᠲᠠ ᠳᠤ ᠮᠥᠰᠥ ᠴᠠᠰᠤᠨ ᠤ ᠲᠠᠮᠢᠷ ᠤᠨ ᠬᠠᠯᠠᠭᠤᠨ ᠤᠷᠭᠢᠯ  ᠢ ᠠᠪᠴᠢᠷᠠᠵᠠᠢ᠃ᠲᠠᠶᠢᠯᠤᠮᠵᠢ᠄     ᠬᠢᠯᠢ ᠶᠢᠨ ᠪᠣᠭᠤᠮᠲᠠ ᠶᠢᠨ ᠮᠥᠰᠥ ᠴᠠᠰᠤᠨ ᠤ ᠨᠠᠶᠢᠷ ᠨᠠᠭᠠᠳᠤᠮ ᠤᠨ ᠬᠥᠳᠡᠯᠭᠡᠭᠡᠨ ᠤ ᠴᠠᠭ ᠨᠢ 2024 ᠣᠨ ᠤ 12. 21 ᠠᠴᠠ 2025 ᠣᠨ ᠤ 2 ᠰᠠᠷ᠎ᠠ ᠶᠢᠨ ᠰᠡᠭᠦᠯᠴᠢ ᠪᠣᠯᠲᠠᠯ᠎ᠠ᠂ ᠵᠠᠯᠭᠠᠭ᠎ᠠ ᠪᠠᠷ ᠰᠢᠷᠢᠰ ᠬᠥᠳᠡᠯᠭᠡᠭᠡᠨ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠣᠷᠣᠯᠴᠠᠬᠤ ᠤᠷᠮ᠎ᠠ ᠵᠣᠷᠢᠭ ᠢ ᠬᠥᠭᠵᠢᠭᠡᠵᠦ᠂ ᠤᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ  ᠵᠤᠷᠢᠭᠵᠢᠭᠤᠯᠬᠤ ᠪᠤᠯᠤᠨ᠎ᠠ᠃ ᠲᠤᠬᠠᠢ ᠶᠢᠨ ᠲᠠᠯᠠᠪᠠᠢ ᠳᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠴᠤᠭᠯᠠᠷᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠬᠢᠵᠠᠭᠠᠯᠠᠰᠢ ᠦᠭᠡᠢ ᠷᠢᠳᠢ ᠰᠢᠳᠢ ᠶᠢ  ᠮᠡᠳᠡᠷᠡᠵᠡᠢ᠃    ᠶᠣᠰᠣᠯᠠᠯ ᠳᠠᠭᠤᠰᠤᠭᠰᠠᠨ ᠤ ᠲᠠᠷᠠᠭ᠎ᠠ᠂  ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠵᠢᠴᠢ ᠤᠯᠠᠨ ᠲᠦᠮᠡᠨ ᠮᠥᠰᠥ ᠴᠠᠰᠤᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠳᠤ ᠢᠳᠡᠪᠬᠢᠲᠡᠢ  ᠤᠷᠤᠯᠴᠠᠯ᠎ᠠ᠃ ᠣᠯᠠᠨ ᠢᠶᠠᠷ ᠢᠶᠠᠨ ᠬᠤᠨᠳᠣ ᠨᠠᠭᠤᠷ ᠤᠨ ᠲᠣᠭᠤᠷᠢᠯ ᠵᠠᠮ ᠢᠶᠠᠷ ᠨᠢᠭᠡ ᠲᠠᠯ᠎ᠠ ᠪᠠᠷ ᠮᠥᠰᠥ ᠴᠠᠰᠤᠨ ᠤ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠨᠥᠭᠦᠭᠡ ᠲᠠᠯ᠎ᠠ ᠪᠠᠷ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠮᠡᠳᠡᠷᠡᠵᠦ᠂ ᠡᠷᠡᠭᠦᠯ ᠥᠭᠡᠳᠡᠷᠬᠡᠭ᠂ ᠪᠥᠬᠦ ᠠᠷᠠᠳ ᠢᠶᠠᠷ ᠢᠶᠠᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠭᠤᠷ ᠠᠮᠢᠰᠬᠤᠯ ᠢ ᠬᠠᠮᠲᠤ ᠪᠠᠷ ᠪᠣᠶ  ᠪᠤᠯᠭᠠᠵᠠᠢ᠃   ᠰᠤᠷᠪᠤᠯᠵᠢᠯᠠᠭ᠎ᠠ  ᠄ ᠬᠤᠲᠠ ᠶᠢᠨ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠤᠪᠴᠢᠶᠠᠨ ᠤ ᠳᠡᠳ᠋ ᠳᠠᠷᠤᠭ᠎ᠠ ᠬᠤ ᠫᠧᠩ ᠰᠢᠶᠠᠩ  ᠄  ᠲᠣᠰ ᠤᠳᠠᠭᠠᠨ ᠤ ᠠᠵᠢᠯᠯᠠᠭ᠎ᠠ ᠳᠤ ᠢᠳᠡᠷᠡᠭᠦᠨ  ᠠᠯᠬᠤᠬᠤ᠂ ᠭᠠᠷᠠᠭ ᠪᠦᠷᠢ ᠶᠢᠨ ᠭᠠᠷᠠᠭ ᠤᠨ ᠵᠢᠷᠭᠤᠭᠠᠨ ᠡᠳᠦᠷ ᠲᠤ ᠶᠠᠪᠤᠭᠳᠠᠬᠤ ᠳᠠᠭᠤᠤ ᠬᠥᠭᠵᠢᠮ ᠢᠶᠠᠷ ᠢᠶᠠᠨ ᠥᠪᠥᠷ ᠮᠣᠩᠭᠤᠯ ᠳᠤ  ᠠᠶᠠᠯᠠᠬᠤ ᠵᠢᠭᠤᠯᠴᠢᠯᠠᠯ ᠤᠨ ᠤᠷᠠᠨ ᠰᠠᠶᠢᠬᠠᠨ ᠤ ᠠᠵᠢᠯᠯᠠᠭ᠎ᠠ ᠶᠢ ᠪᠠᠭᠲᠠᠭᠠᠭᠰᠠᠨ ᠮᠠᠰᠢ ᠣᠯᠠᠨ ᠰᠢᠷᠢᠰ ᠠᠵᠢᠯᠯᠠᠭ᠎ᠠ  ᠪᠠᠭᠲᠠᠵᠤ᠂ ᠪᠠᠰᠠ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠶᠠᠪᠤᠭᠤᠯᠤᠨ᠎ᠠ᠂ ᠡᠨᠡ ᠬᠤᠭᠤᠴᠠᠭᠠᠨ ᠳᠤ ᠵᠢᠭᠤᠯᠴᠢᠯᠠᠭᠴᠢᠳ ᠤᠨ ᠮᠥᠰᠥ ᠴᠠᠰᠤᠨ ᠤ ᠲᠠᠯᠠᠪᠠᠶ ᠳᠤ ᠬᠦᠷᠴᠦ‌ᠮᠦ᠋ᠰᠦ ᠴᠠᠰᠤᠨ ᠤ ᠪᠠᠶᠠᠷ ᠴᠡᠩᠬᠡᠯ ᠢ ᠡᠳ᠋ᠯᠡᠬᠦ ᠶᠢ ᠬᠦᠰᠡᠵᠦ ᠪᠠᠶᠢᠨ᠎ᠠ᠃   ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠤᠯᠤᠰ ᠤᠨ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠴᠠᠰᠤ  ᠮᠦᠰᠦᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠭᠤᠯᠬᠤ︾ ᠶᠢ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ︽ᠮᠥᠰᠥ ᠴᠠᠰᠤᠨ ᠤ ᠠᠵᠤ ᠠᠬᠤᠢ︾ ᠶᠢ ᠪᠦᠬᠦ ᠬᠤᠲᠠ ᠶᠢᠨ ᠵᠤᠭᠠᠴᠠᠯ ᠤᠨ ᠬᠥᠭᠵᠢᠯᠲᠡ ᠶᠢᠨ ᠭᠤᠣᠯᠳᠠᠯᠭ᠎ᠠ ᠪᠣᠯᠭᠠᠵᠤ᠂ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠮᠥᠰᠥ ᠴᠠᠰᠤᠨ ᠤ ᠵᠢᠭᠤᠯᠴᠢᠯᠠᠯ ᠤᠨ ᠦᠢᠯᠡᠰ ᠤᠨ ᠪᠠᠶᠢᠳᠠᠯ ᠳᠤ ᠰᠢᠨ᠎ᠡ ᠶᠢ ᠡᠭᠦᠳᠴᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠬᠡᠪᠡᠷ ᠬᠥᠭᠵᠢᠭᠦᠯᠦᠨ᠂ ᠮᠥᠰᠥ ᠴᠠᠰᠤᠨ ᠤ ᠪᠡᠶ᠎ᠡ ᠶᠢᠨ ᠲᠠᠮᠢᠷ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠬᠦᠴᠦᠲᠡᠢ ᠠᠬᠢᠭᠤᠯᠵᠤ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠵᠤ᠂  ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号