ᠤᠷᠴᠢᠭᠤᠯᠤᠭᠴᠢ᠄ ᠰᠤᠯᠤᠩᠭᠤᠸ᠎ᠡ | | ᠤᠳᠤᠷᠢᠳᠬᠠᠯ᠄ | 12.22 ᠤ ᠡᠳᠦᠷ᠂ 2024 ᠣᠨ ᠤ ᠰᠢᠯᠢ ᠶᠢᠨ ᠭᠤᠣᠯ ᠠᠶᠢᠮᠠᠭ ᠤᠨ ᠡᠪᠦᠯ ᠤᠨ ᠤᠯᠠᠷᠢᠯ ᠤᠨ | ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠤ ᠡᠷᠢᠶᠡᠨ ᠬᠤᠲᠠ ᠳᠠᠬᠢ ᠬᠤᠪᠢᠶᠠᠷᠢ ᠲᠠᠯᠠᠪᠠᠢ ᠶᠢᠨ | ᠰᠢᠯᠭᠠᠷᠠᠭᠤᠯᠬᠤ ᠤᠷᠤᠯᠳᠤᠭᠠᠨ ᠲᠤᠯᠢ ᠭᠠᠴᠠᠭ᠎ᠠ ᠳᠤ ᠶᠠᠪᠤᠭᠳᠠᠵᠤ᠂ ᠭᠤᠶᠢᠲᠠ ᠰᠠᠶᠢᠬᠠᠨ ᠮᠤᠷᠢᠨ ᠤᠷᠤᠯᠳᠤᠭᠠᠨ ᠢ | ᠤᠯᠠᠨ ᠳᠤ ᠬᠠᠷᠠᠭᠤᠯᠵᠠᠢ᠃ | | ᠲᠠᠶᠢᠯᠤᠮᠵᠢ᠄ | ᠤᠷᠤᠯᠳᠤᠭᠠᠨ ᠳᠤ ᠮᠣᠩᠭᠤᠯ ᠮᠣᠷᠢᠨ ᠤ 30 ᠺᠢᠯᠤᠮᠧᠲᠷ ᠤᠨ ᠬᠤᠯᠠ ᠶᠢᠨ ᠮᠤᠷᠢᠨ ᠤ ᠤᠷᠤᠯᠳᠤᠭᠠᠨ᠂ 15 | ᠺᠢᠯᠤᠮᠧᠲᠷ ᠤᠨ 3 ᠬᠥᠮᠥᠨ ᠤ ᠬᠠᠮᠲᠤ ᠶᠢᠨ ᠤᠷᠤᠯᠳᠤᠭᠠᠨ ᠢ ᠲᠣᠬᠢᠷᠠᠭᠤᠯᠵᠤ᠂ ᠤᠯᠠᠨ ᠲᠦᠮᠡᠨ ᠳᠤ ᠤᠮᠠᠷᠠᠲᠤ ᠶᠢᠨ | ᠰᠣᠶᠣᠯ ᠢ ᠪᠡᠶᠡᠴᠢᠯᠡᠨ ᠦᠢᠯᠠᠭᠠᠭᠤᠯᠵᠠᠢ᠃ | ᠲᠣᠰ ᠤᠳᠠᠭᠠᠨ ᠤ ᠤᠷᠤᠯᠳᠤᠭᠠᠨ ᠨᠢ ᠬᠤᠪᠢ ᠬᠥᠮᠥᠨ ᠤ ᠴᠢᠳᠠᠪᠤᠷᠢ ᠶᠢᠨ ᠰᠢᠯᠭᠠᠯᠲᠠ ᠪᠣᠯᠬᠤ ᠪᠠᠷ ᠪᠠᠷᠠᠬᠤ | ᠦᠭᠡᠢ᠂ ᠨᠠᠩ ᠴᠤ ᠮᠣᠷᠢᠨ ᠤ ᠲᠥᠷᠥᠯ ᠵᠦᠢᠯ ᠪᠠ ᠪᠣᠯᠪᠠᠰᠤᠷᠠᠯ ᠤᠨ ᠬᠢᠷᠢ ᠲᠦᠪᠰᠢᠨ ᠤ ᠦᠵᠡᠭᠦᠯᠦᠯᠭᠡ ᠪᠣᠯᠬᠤ | ᠶᠤᠮ᠃ ᠡᠪᠦᠯ ᠤᠨ ᠬᠦᠢᠲᠡᠨ ᠳᠤ ᠮᠤᠷᠢ ᠤᠷᠤᠯᠳᠤᠬᠤ ᠨᠢ ᠤᠨᠤᠭᠠᠴᠢᠨ ᠳᠤ ᠠᠪᠴᠤ ᠬᠡᠯᠡᠪᠡᠯ ᠴᠥᠮ ᠬᠠᠲᠠᠭᠤ | ᠴᠢᠩᠭ᠎ᠠ ᠰᠢᠯᠭᠠᠯᠲᠠ ᠪᠣᠯᠬᠤ ᠶᠤᠮ᠃ 11 ᠨᠠᠰᠤᠲᠠᠢ ᠪᠢᠴᠢᠬᠠᠨ ᠤᠨᠤᠭᠠᠴᠢᠨ ᠬᠠᠯᠢᠭᠤᠨ᠎ᠠ ᠨᠠᠰᠤ ᠪᠠᠭ᠎ᠠ ᠴᠤ | ᠨᠢᠭᠡᠨᠲᠡ ︿︿ᠬᠠᠰᠢᠷ ᠤᠨᠤᠭᠠᠴᠢᠨ﹀﹀ ᠪᠣᠯᠤᠭᠰᠠᠨ ᠪᠠᠶᠢᠨ᠎ᠠ᠃ ᠠᠪᠤ ᠶᠢᠨ ᠢᠶᠠᠨ ᠰᠤᠷᠭᠠᠯ ᠢᠶᠠᠷ ᠲᠡᠷᠡ ᠮᠣᠷᠢ | ᠤᠨᠤᠬᠤ ᠡᠯ᠎ᠡ ᠵᠦᠢᠯ ᠤᠨ ᠤᠷ᠎ᠠ ᠮᠡᠷᠭᠡᠵᠢᠯ ᠢ ᠡᠵᠡᠮᠰᠢᠵᠦ᠂ ᠡᠨᠡ ᠤᠳᠠᠭ᠎ᠠ ᠤᠷᠤᠯᠳᠤᠭᠠᠨ ᠳᠤ ᠤᠷᠤᠯᠴᠠᠵᠠᠢ᠃ | ᠰᠤᠷᠪᠤᠯᠵᠢᠯᠠᠭ᠎ᠠ᠄ ᠤᠨᠤᠭᠠᠴᠢᠨ ᠬᠠᠯᠢᠭᠤᠨ᠎ᠠ᠄ ᠪᠢ ᠬᠠᠷᠠᠬᠠᠨ ᠪᠠᠭ᠎ᠠ ᠠᠴᠠ ᠪᠠᠨ ᠮᠣᠷᠢᠨ ᠳᠤ ᠳᠤᠷᠠᠲᠠᠢ᠂ | ᠪᠢ ᠡᠨᠡ ᠤᠳᠠᠭ᠎ᠠ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ᠃ | ᠤᠷᠤᠯᠳᠤᠭᠠᠨ ᠤ ᠲᠠᠯᠠᠪᠤᠷ ᠲᠤ᠂ ᠬᠢᠨᠠᠭᠴᠢ ᠶᠢᠨ ᠤᠷᠤᠯᠳᠤᠭᠠᠨ ᠡᠬᠢᠯᠡᠭᠦᠯᠬᠦ ᠲᠤᠬᠢᠶ᠎ᠠ ᠪᠠᠷ ᠤᠷᠤᠯᠳᠤᠭᠠᠨ | ᠢᠶᠠᠨ ᠡᠬᠢᠯᠡᠭᠦᠯᠵᠡᠢ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠲᠤᠯᠢ ᠭᠠᠴᠠᠭᠠᠨ ᠤ ᠮᠠᠯᠴᠢᠨ ᠬᠤᠷ᠎ᠠ ᠶᠢᠨ ᠮᠣᠷᠢ ᠨᠢ | ᠬᠤᠯᠠ ᠶᠢᠨ ᠮᠤᠷᠢᠨ ᠤ ᠤᠷᠤᠯᠳᠤᠭᠠᠨ ᠳᠤ ᠮᠠᠩᠯᠠᠶᠢᠯᠠᠵᠤ᠂ ᠲᠤᠯᠢ ᠭᠠᠴᠠᠭᠠᠨ ᠤ ᠮᠠᠯᠴᠢᠨ ᠬᠥᠬᠡ᠂ ᠪᠠᠭᠠᠲᠤᠷ ᠤᠨ | ᠮᠣᠷᠢ ᠨᠢ ᠬᠦᠴᠦᠨ ᠵᠠᠯᠭᠠᠬᠤ ᠤᠷᠤᠯᠳᠤᠭᠠᠨ ᠳᠤ ᠮᠠᠩᠯᠠᠶᠢᠯᠠᠵᠠᠢ᠃ | ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠵᠢᠯ ᠤᠨ ᠲᠦᠷᠪᠡᠨ ᠤᠯᠠᠷᠢᠯ ᠳᠤ ᠶᠠᠪᠤᠭᠳᠠᠭᠤᠯᠵᠤ ᠂ | ᠮᠠᠨ ᠤ ᠬᠤᠳᠠ ᠡᠯᠪᠡᠭ ᠪᠠᠶᠠᠯᠢᠭ ᠮᠣᠷᠢᠨ ᠤ ᠰᠣᠶᠣᠯ ᠤᠨ ᠡᠬᠢ ᠪᠠᠶᠠᠯᠢᠭ ᠪᠣᠯᠣᠨ ᠠᠳᠤᠭᠤᠨ ᠤ ᠠᠵᠤ ᠦᠢᠯᠡᠰ ᠤᠨ | ᠰᠠᠭᠤᠷᠢ ᠳᠤ ᠰᠠᠭᠤᠷᠢᠯᠠᠵᠤ᠂ ᠠᠳᠤᠭᠤᠨ ᠤ ᠰᠣᠶᠣᠯ ᠵᠤᠭᠠᠴᠠᠯ ᠤᠨ ᠲᠦᠷᠦᠯ ᠵᠦᠢᠯ ᠤᠨ ᠡᠵᠡᠩᠨᠡᠯᠲᠡ ᠶᠢᠨ | ᠬᠡᠯᠪᠡᠷᠢ ᠶᠢ ᠲᠠᠰᠤᠷᠠᠯᠳᠡ ᠦᠭᠡᠢ ᠥᠷᠭᠡᠳᠬᠡᠵᠦ᠂ ᠠᠳᠤᠭᠤᠨ ᠤ ᠠᠵᠤ ᠦᠢᠯᠡᠰ ᠪᠣᠯᠣᠨ ᠰᠣᠶᠣᠯ ᠵᠤᠭᠠᠴᠠᠯ ᠤᠨ | ᠠᠵᠢᠯᠯᠠᠭ᠎ᠠ ᠶᠢᠨ ᠭᠦᠨᠵᠡᠭᠡᠢ ᠠᠭᠤᠰᠤᠯᠴᠠᠯ ᠢ ᠪᠦᠲᠦᠮᠵᠢᠲᠡᠢ ᠠᠬᠢᠭᠤᠯᠵᠤ᠂ ᠪᠣᠭᠤᠮᠲᠠ ᠶᠢᠨ ᠠᠯᠳᠠᠷᠰᠢᠯ ᠪᠣᠯᠣᠨ | ᠨᠥᠯᠥᠭᠡᠯᠡᠬᠦ ᠬᠦᠴᠦᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠠᠢ ᠃ | | | | |