ᠬᠥᠬᠡᠬᠤᠲᠠ ᠶᠢᠨ ᠭᠠᠶᠢᠯᠢ ᠶᠢᠨ ᠪᠣᠭᠤᠮᠲᠠ ᠶᠢᠨ ᠳᠠᠷᠤᠭ᠎ᠠ ᠵᠠᠩ ᠶᠠᠨ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/5
           
   12 ᠰᠠᠷ᠎ᠠ ᠶᠢᠨ 3 ᠤ ᠡᠳᠦᠷ ᠠᠴᠠ 4 ᠤ ᠡᠳᠦᠷ᠂ ᠬᠥᠬᠡᠬᠤᠲᠠ ᠶᠢᠨ ᠭᠠᠶᠢᠯᠢ ᠶᠢᠨ ᠪᠣᠭᠤᠮᠲᠠ ᠶᠢᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠵᠠᠩ ᠶᠠᠨ ᠡᠷᠢᠶᠡᠨ ᠪᠣᠭᠤᠮᠲᠠ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠪᠠᠷ᠎ᠠ ᠪᠣᠯᠪᠠ᠃     ᠡᠨᠡ ᠬᠤᠭᠤᠴᠠᠭᠠᠨ ᠳᠤ᠂ ᠵᠠᠩ ᠶᠠᠨ ᠨᠠᠷ ᠪᠣᠭᠤᠮᠲᠠ ᠶᠢᠨ ᠡᠯ᠎ᠡ ᠲᠤᠬᠠᠶᠢᠯᠠᠭᠰᠠᠨ ᠠᠵᠢᠯ ᠤᠨ ᠲᠤᠬᠠᠢ ᠶᠢᠨ ᠲᠠᠯᠠᠪᠠᠢ᠂ ᠤᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠥᠪ᠂ ᠡᠷᠢᠶᠡᠨ ᠲᠡᠮᠦᠷ ᠵᠠᠮ ᠤᠨ ᠵᠢᠯᠣᠭᠤᠳᠤᠨ ᠲᠣᠬᠢᠷᠠᠭᠤᠯᠬᠤ ᠲᠥᠪ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠠᠢ ᠳᠤ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃    ᠶᠠᠷᠢᠯᠴᠠᠬᠤ ᠬᠤᠷᠠᠯ ᠳᠡᠭᠡᠷ᠎ᠡ᠂ ᠵᠠᠩ ᠶᠠᠨ ᠮᠠᠨ ᠤ ᠬᠤᠳᠠ ᠶᠢᠨ ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠰᠣᠨᠣᠰᠤᠭᠰᠠᠨ ᠤ ᠲᠠᠷᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠭᠵᠢᠯᠲᠡ ᠶᠢ ᠡᠷᠢᠯᠬᠢᠯᠡᠨ᠎ᠡ ᠭᠡᠵᠦ ᠢᠯᠡᠳᠬᠡᠪᠡ᠃ ᠤᠯᠤᠰ ᠤᠨ ᠡᠭᠦᠳᠡ ᠶᠢ ᠰᠠᠬᠢᠬᠤ᠂ ᠬᠥᠭᠵᠢᠯᠲᠡ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠂ ᠠᠮᠤᠷ ᠲᠦᠪᠰᠢᠨ ᠢ ᠪᠠᠲᠤᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠢᠳᠡᠪᠬᠢᠲᠡᠢ ᠦᠢᠯᠡᠴᠢᠯᠡᠬᠦ ᠬᠡᠷᠡᠭᠲᠡᠢ᠃ ᠪᠣᠭᠤᠮᠲᠠ ᠶᠢᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠡᠭᠦᠷᠭᠡ ᠴᠢᠳᠠᠪᠬᠢ ᠪᠠᠨ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠪᠣᠭᠤᠮᠲᠠ ᠶᠢᠨ ᠪᠦᠲᠦᠮᠵᠢᠲᠡᠢ ᠬᠢᠨᠠᠯᠲᠠ ᠬᠠᠮᠢᠶᠠᠷᠤᠯᠲᠠ᠂ ᠥᠨᠳᠥᠷ ᠪᠦᠲᠦᠮᠵᠢᠲᠡᠢ ᠠᠵᠢᠯᠯᠠᠭᠠᠨ ᠢ ᠠᠬᠢᠭᠤᠯᠵᠤ᠂ ᠪᠣᠭᠤᠮᠲᠠ ᠶᠢᠨ ᠦᠢᠯᠡᠴᠢᠯᠡᠭᠡᠨ ᠤ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠲᠦᠪᠰᠢᠨ ᠪᠣᠯᠤᠨ ᠬᠢᠨᠠᠯᠲᠠ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃      ᠮᠠ ᠬᠠᠢ ᠲᠤᠤ ᠬᠥᠬᠡᠬᠤᠲᠠ ᠶᠢᠨ ᠭᠠᠶᠢᠯᠢ ᠶᠢᠨ ᠪᠣᠭᠤᠮᠲᠠ ᠳᠤ ᠤᠷᠳᠤ ᠬᠤᠭᠤᠴᠠᠭᠠᠨ ᠤ ᠲᠤᠷᠰᠢ ᠡᠷᠢᠶᠡᠨ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠪᠣᠭᠤᠮᠲᠠ ᠭᠠᠷ ᠬᠤᠯᠪᠣᠯᠴᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ᠂ ᠬᠠᠷᠢᠯᠴᠠᠨ ᠠᠷᠠᠯᠵᠢᠶ᠎ᠠ ᠶᠢ ᠨᠠᠶᠢᠳᠠᠪᠤᠷᠢᠵᠢᠭᠤᠯᠤᠨ ᠡᠳ᠋ᠰᠢᠭᠦᠯᠬᠦ᠂ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠵᠡᠷᠭᠡ ᠨᠢᠭᠡ ᠪᠦᠯᠦᠭ ᠪᠣᠭᠤᠮᠲᠠ ᠶᠢᠨ ᠭᠠᠳᠠᠭᠠᠳᠤ ᠨᠡᠬᠡᠬᠡᠯᠳᠡ ᠪᠠ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠵᠦᠢᠯᠡᠰ ᠢ ᠬᠠᠮᠲᠤ ᠪᠠᠷ ᠰᠠᠶᠢᠲᠤᠷ ᠬᠢᠵᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号