【 ᠪᠢ ᠣᠯᠠᠨ ᠲᠦᠮᠡᠨ ᠳᠤ ᠪᠣᠳᠠᠲᠠᠢ ᠠᠵᠢᠯ ᠬᠢᠨ᠎ᠡ 】 ᠭᠡᠷ ᠬᠥᠷᠥᠩᠭᠡ ᠶᠢᠨ ᠦᠨᠡᠮᠯᠡᠯ ᠢ ᠤᠷᠤᠭᠰᠢᠲᠠᠢ ᠪᠠᠷ ᠣᠯᠵᠤ ᠠᠪᠤᠭᠠᠳ ᠠᠷᠠᠳ ᠤᠨ ᠵᠣᠪᠠᠨᠢᠯ ᠢ ᠦᠨᠡᠨ ᠬᠦ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/12/6
    ᠭᠡᠷ ᠬᠥᠷᠥᠩᠭᠡ ᠶᠢᠨ ᠦᠨᠡᠮᠯᠡᠯ᠃ ᠭᠡᠷ ᠪᠠᠶᠢᠰᠢᠩ ᠤᠨ ᠠᠷᠠᠯᠵᠢᠶ᠎ᠠ ᠬᠢᠵᠠᠭᠠᠷᠯᠠᠭᠳᠠᠵᠠᠢ᠂ ᠰᠠᠭᠤᠭᠠᠯᠢ ᠠᠷᠠᠳ ᠡᠷᠦᠬᠡ ᠠᠮᠠ ᠣᠷᠣᠬᠤ ᠨᠢ ᠨᠥᠯᠥᠭᠡᠯᠡᠭᠳᠡᠵᠦ᠂ ᠬᠡᠦᠬᠡᠳ ᠰᠤᠷᠭᠠᠭᠤᠯᠢ ᠳᠤ ᠣᠷᠣᠬᠤ ᠳᠤ ᠭᠡᠷᠡᠴᠢ ᠭᠠᠷᠭᠠᠬᠤ ᠴᠢᠬᠤᠯᠠᠲᠠᠢ᠃ ᠭᠡᠷ ᠬᠥᠷᠥᠩᠭᠡ ᠶᠢᠨ ᠦᠨᠡᠮᠯᠡᠯ ᠥᠬᠡᠢ ᠪᠠᠶᠢᠬᠤ ᠠᠰᠠᠭᠤᠳᠠᠯ ᠨᠢ ᠮᠠᠨ ᠤ ᠬᠤᠲᠠ ᠶᠢᠨ ᠰᠢᠯᠢ ᠶᠢᠨ ᠨᠠᠶᠢᠬᠡᠮ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠶᠡᠷᠦᠩᠬᠡᠶᠢᠯᠡᠭᠰᠡᠨ ᠠᠰᠠᠷ ᠲᠤ ᠰᠠᠭᠤᠵᠤ ᠪᠠᠶᠢᠭ᠎ᠠ ᠰᠠᠭᠤᠭᠠᠯᠢ ᠠᠷᠠᠳ ᠤᠨ ᠰᠡᠳᠭᠢᠯ ᠤᠨ ᠵᠣᠪᠠᠨᠢᠯ ᠪᠣᠯᠣᠭᠰᠠᠭᠠᠷ ᠪᠠᠶᠢᠪᠠ᠃
   ᠵᠡᠮᠳᠡᠭᠴᠦᠳ ᠤᠨ ᠬᠤᠯᠪᠣᠭ᠎ᠠ ᠶᠢᠨ ᠶᠡᠷᠦᠩᠬᠡᠶᠢᠯᠡᠭᠰᠡᠨ ᠠᠰᠠᠷ ᠢ 2008 ᠣᠨ ᠳᠤ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠲᠤ ᠣᠷᠣᠵᠤ ᠰᠠᠭᠤᠭᠰᠠᠨ ᠠᠴᠠ ᠤᠳᠤ ᠪᠣᠯᠲᠠᠯ᠎ᠠ ᠨᠢᠭᠡᠨᠲᠡ 16 ᠵᠢᠯ ᠪᠤᠯᠵᠤ ᠪᠠᠶᠢᠨ᠎ᠠ᠃ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠠᠴᠠ ᠪᠣᠯᠵᠣ᠂ ᠬᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠦᠢᠴᠡᠳᠬᠡᠬᠦ ᠨᠢ ᠤᠳᠠᠭᠠᠨ ᠳᠤ ᠬᠤᠶᠢᠰᠢᠯᠠᠭᠤᠯᠤᠭᠳᠠᠨ ᠪᠠᠶᠢᠵᠦ ᠣᠳᠠᠯ᠎ᠠ᠃ ᠭᠡᠷ ᠪᠠᠶᠢᠰᠢᠩ ᠳᠤ ᠥᠮᠴᠢᠯᠡᠬᠦ ᠡᠷᠬᠡ ᠶᠢᠨ ᠦᠨᠡᠮᠯᠡᠯ ᠥᠬᠡᠶ᠂ ᠬᠡᠷ ᠪᠠᠶᠢᠰᠢᠩ ᠤᠨ ᠠᠷᠠᠯᠵᠢᠶ᠎ᠠ ᠨᠢ ᠬᠠᠷᠰᠢᠯᠠᠭᠳᠠᠵᠤ᠂ ᠪᠠᠷᠢᠴᠠᠭᠠᠯᠠᠬᠤ ᠶᠢᠨ ᠠᠷᠭ᠎ᠠ ᠥᠬᠡᠶ᠂ ᠬᠡᠤᠬᠡᠳ ᠤᠨ ᠰᠤᠷᠭᠠᠭᠤᠯᠢ ᠳᠤ ᠰᠠᠭᠤᠬᠤ ᠶᠢ ᠨᠦᠯᠦᠭᠡᠯᠡᠬᠦ ᠵᠡᠷᠭᠡ ᠠᠰᠠᠭᠤᠳᠠᠯ ᠨᠢ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠯ ᠤᠨ ᠵᠠᠩᠭᠢᠷᠠᠭ᠎ᠠ ᠪᠣᠯᠤᠭᠰᠠᠨ ᠪᠠᠶᠢᠨ᠎ᠠ᠃
   ᠰᠢᠯᠢ ᠶᠢᠨ ᠨᠡᠶᠢᠭᠡᠮ ᠲᠣᠭᠤᠷᠢᠭ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠢᠳᠡᠪᠬᠢᠲᠡᠶ ᠪᠠᠷ ᠬᠥᠭᠦᠷᠭᠡ ᠬᠤᠯᠪᠣᠭᠠᠰᠤ ᠪᠣᠯᠵᠣ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠠᠩᠭᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠠᠰᠠᠭᠤᠳᠠᠯ ᠢ ᠵᠥᠪᠳᠡᠯᠴᠡᠨ ᠰᠢᠢᠳᠪᠦᠷᠢᠯᠡᠪᠡ᠃ ᠥᠷᠭᠡᠨ ᠣᠯᠠᠨ ᠥᠮᠴᠢᠲᠡᠨ ᠤ ᠳᠡᠮᠵᠢᠯᠭᠡ ᠪᠠ ᠬᠠᠮᠵᠢᠯᠴᠠᠭ᠎ᠠ ᠳᠣᠤᠷ᠎ᠠ᠂ ᠵᠣᠬᠢᠴᠠᠭᠤᠯᠬᠤ ᠬᠤᠷᠠᠯ ᠬᠤᠷᠠᠯᠳᠤᠭᠤᠯᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷ ᠬᠥᠷᠥᠩᠭᠡ ᠶᠢᠨ ᠦᠨᠡᠮᠯᠡᠯ ᠢ ᠭᠦᠢᠴᠡᠳᠭᠡᠬᠦ ᠠᠵᠢᠯ ᠢ ᠠᠬᠢᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃    ᠨᠢᠭᠡ ᠵᠢᠯ ᠰᠢᠬᠠᠮ ᠤᠨ ᠴᠢᠷᠮᠠᠶᠢᠯᠭ᠎ᠠ ᠪᠠᠷ ᠳᠠᠮᠵᠢᠨ᠂ 8 ᠡᠷᠦᠬᠡ ᠰᠠᠭᠤᠭᠠᠯᠢ ᠠᠷᠠᠳ ᠨᠢᠭᠡᠨᠲᠡ ᠤᠳᠠᠭᠠᠨ ᠵᠢᠯ ᠤᠨ ᠬᠦᠰᠡᠯ ᠡᠷᠡᠮᠡᠯᠵᠡᠯ ᠲᠠᠢ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠢ ᠤᠷᠤᠭᠰᠢᠲᠠᠶ ᠣᠯᠵᠤ᠂ ᠰᠡᠳᠬᠢᠯ ᠵᠢᠷᠦᠬᠡᠨ ᠳᠡᠭᠡᠨ ᠳᠠᠷᠤᠭᠰᠠᠨ ᠴᠢᠯᠠᠭᠤ ᠡᠴᠦᠰ ᠲᠡᠭᠡᠨ ᠠᠷᠢᠯᠣᠪᠠ᠃ ᠤᠯᠠᠨ ᠵᠢᠯ ᠤᠨ ᠲᠤᠷᠰᠢᠬᠢ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠰᠢᠢᠳᠪᠦᠷᠢᠯᠡᠭᠳᠡᠵᠤ ᠪᠠᠶᠢᠬᠤ ᠪᠤᠯᠬᠤᠷ᠂ ᠦᠢᠯᠡᠰ ᠡᠵᠡᠩᠨᠡᠭᠴᠢᠳ ᠤᠨ ᠰᠡᠳᠬᠢᠯ ᠠᠮᠤᠷ ᠲᠤᠬᠳᠠᠭᠤᠨ ᠪᠤᠯᠪᠠ᠃     ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠶᠡᠷᠦᠩᠬᠡᠶᠢᠯᠡᠭᠰᠡᠨ ᠠᠰᠠᠷ ᠤᠨ ᠰᠠᠭᠤᠭᠠᠯᠢ ᠠᠷᠠᠳ ᠸᠠᠩ ᠬᠤᠸᠠ᠄ ︽ᠣᠯᠠᠨ ᠵᠢᠯ ᠤᠨ ᠲᠤᠷᠰᠢ ᠰᠢᠢᠳᠪᠦᠷᠢᠯᠡᠭᠡ ᠦᠭᠡᠢ ︿ᠦᠨᠡᠮᠯᠡᠯ ᠠᠪᠬᠤ ᠳᠤ ᠬᠦᠴᠢᠷ﹀ ᠭᠡᠬᠦ ᠠᠰᠠᠭᠤᠳᠠᠯ ᠢ ᠥᠨᠥᠳᠦᠷ ᠡᠴᠦᠰ ᠲᠤ ᠪᠠᠨ ᠣᠯᠵᠤ ᠠᠪᠴᠠᠢ᠃ ᠭᠡᠷ ᠬᠥᠷᠥᠩᠭᠡ ᠶᠢᠨ ᠦᠨᠡᠮᠯᠡᠯ ᠨᠢ ᠮᠠᠨ ᠤ ᠠᠷᠠᠳ ᠲᠦᠮᠡᠨ ᠳᠤ ᠬᠡᠲᠦᠷᠬᠡᠢ ᠴᠢᠬᠤᠯᠠ ᠪᠣᠯᠵᠠᠢ᠂ ᠡᠨᠡ ᠭᠡᠷᠡᠴᠢ ᠪᠠᠶᠢᠪᠠᠯ ᠰᠠᠶ᠋ᠢ ᠥᠪᠡᠷ ᠤᠨ ᠪᠡᠶ᠎ᠡ ᠳᠡᠭᠡᠨ ᠬᠠᠷᠢᠶᠠᠯᠠᠭᠳᠠᠨ᠎ᠠ ᠃ ᠵᠠᠰᠠᠭ ᠤᠨ ᠣᠷᠳᠣᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠲᠤ ᠲᠠᠯᠠᠷᠬᠠᠵᠤ ᠪᠠᠶᠢᠨ᠎ᠠ᠂ ᠲᠠ ᠨᠠᠷ ᠵᠦᠳᠡᠷᠡᠯ᠎ᠡ︕︾ ᠭᠡᠵᠦ ᠬᠡᠯᠡᠪᠡ᠃    ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠭᠠᠶᠢᠯᠢ ᠶᠢᠨ ᠶᠠᠪᠤᠳᠠᠯ᠂ ᠨᠡᠶᠢᠭᠡᠮ ᠲᠣᠭᠤᠷᠢᠭ ᠵᠡᠷᠭᠡ ᠣᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠥᠯᠥ ᠬᠥᠳᠡᠯᠬᠦ ᠬᠥᠷᠥᠩᠭᠡ ᠶᠢᠨ ᠠᠰᠠᠭᠤᠳᠠᠯ ᠤᠨ ᠵᠠᠩᠭᠢᠯᠠᠭ᠎ᠠ ᠶᠢ ᠡᠮᠬᠢᠯᠡᠨ ᠳᠢᠭᠯᠡᠵᠦ᠂ ᠰᠢᠢᠳᠪᠦᠷᠢᠯᠡᠬᠦ ᠲᠥᠰᠦᠯ ᠢ ᠵᠥᠪᠳᠡᠯᠴᠡᠨ ᠶᠠᠷᠢᠯᠴᠠᠵᠤ᠂ ᠲᠦᠭᠵᠢᠷᠡᠯ ᠢ ᠵᠦᠢᠯ ᠳᠠᠷᠠᠭᠠᠯᠠᠨ ᠰᠢᠢᠳᠪᠦᠷᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠠᠷᠠᠳ ᠣᠯᠠᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠪᠠ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号