ᠡᠷᠢᠶᠡᠨ ᠬᠤᠲᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠬᠥᠬᠡ ᠠᠳᠤᠭᠤᠨ ᠤ ᠢᠨᠵᠧᠨᠧᠷᠢᠩ ᠵᠢᠴᠢ ᠡᠪᠯᠡᠯ ᠤᠨ ᠬᠠᠷᠢᠶᠠᠲᠤ ᠵᠠᠯᠠᠭᠤᠴᠤᠳ ᠤᠨ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/12/6
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠪᠯᠡᠯ ᠤᠨ ᠭᠡᠰᠢᠭᠦᠨ ᠵᠠᠯᠠᠭᠤᠴᠤᠳ ᠢ ᠬᠦᠳᠦᠯᠦᠨ ᠳᠠᠭᠠᠭᠤᠯᠵᠤ ᠠᠯᠤᠰ ᠬᠡᠳᠤ ᠶᠢᠨ ᠬᠦᠰᠡᠯᠡᠩ ᠢ ᠪᠤᠢ ᠪᠣᠯᠭᠠᠵᠤ᠂ ᠦᠵᠡᠯ ᠰᠠᠨᠠᠭᠠᠨ ᠤ ᠵᠡᠪᠰᠡᠭ ᠢ ᠡᠵᠡᠮᠰᠢᠬᠦ ᠶᠢᠨ ᠳᠣᠯᠠᠳᠠ᠂ 12 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠡᠪᠯᠡᠯ ᠤᠨ ᠬᠤᠷᠢᠶᠠᠨ ᠤ ᠬᠤᠳᠠ ᠶᠢᠨ ᠨᠠᠮ ᠤᠨ ᠬᠤᠷᠢᠶᠠᠨ ᠤ ᠬᠠᠮᠲᠤᠷᠠᠨ ᠡᠷᠬᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠢᠨᠵᠧᠨᠧᠷᠢᠩ ᠵᠢᠴᠢ ᠡᠪᠯᠡᠯ ᠤᠨ ᠬᠠᠷᠢᠶ᠎ᠠ ᠵᠠᠯᠠᠭᠤᠴᠤᠳ ᠤᠨ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠬᠢᠴᠢᠶᠡᠯ ᠡᠬᠢᠯᠡᠪᠡ᠃      ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠢ᠂ ᠨᠠᠷᠢᠨ ᠲᠣᠳᠣᠷᠬᠠᠢ᠂ ᠠᠭᠤᠯᠤᠭᠳᠠᠬᠤᠨ ᠨᠢ ᠭᠦᠨ ᠭᠦᠨᠵᠡᠭᠡᠢ ᠪᠠᠶᠢᠵᠤ᠂ ᠤᠯᠤᠰ ᠲᠦᠷᠦ ᠶᠢᠨ ᠦᠨᠳᠦᠷᠴᠡ᠂ ᠤᠨᠤᠯ ᠤᠨ ᠵᠤᠵᠠᠭᠠᠨ ᠤ ᠬᠡᠮᠵᠢᠶ᠎ᠡ ᠲᠠᠢ ᠪᠥᠭᠡᠳ ᠪᠠᠰᠠ ᠪᠣᠳᠣᠯᠬᠢᠯᠠᠯ ᠤᠨ ᠭᠦᠨᠴᠡ ᠲᠠᠢ᠂ ᠦᠵᠡᠯᠲᠡ ᠶᠢᠨ ᠥᠷᠭᠡᠴᠡ ᠲᠠᠢ ᠶᠤᠮ᠃ ᠪᠦᠬᠦ ᠵᠠᠯᠠᠭᠤ ᠺᠠᠳ᠋ᠷᠴᠤᠳ ᠰᠣᠨᠣᠰᠬᠤ ᠶᠢᠨ ᠳᠠᠭᠠᠤ ᠣᠶᠢᠯᠠᠭᠠᠵᠤ᠂ ᠰᠤᠷᠤᠯᠴᠠᠬᠤ ᠶᠢᠨ ᠳᠠᠭᠠᠤ ᠰᠤᠷᠤᠯᠴᠠᠵᠤ᠂ ᠰᠡᠳᠬᠢᠬᠦ ᠶᠢᠨ ᠳᠠᠭᠠᠤ ᠣᠯᠠᠨ ᠢᠶᠠᠷ ᠢᠶᠠᠨ᠂ ᠡᠨᠡ ᠪᠣᠯ ︽ᠴᠢᠬᠢᠨ ᠳᠤ ᠰᠠᠭᠤᠬᠤ︾᠂ ᠨᠡᠩ ︽ᠰᠡᠳᠬᠢᠯ ᠬᠥᠳᠡᠯᠬᠦ︾ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠪᠣᠯᠤᠨ᠎ᠠ ᠭᠡᠵᠦ ᠢᠯᠡᠳᠬᠡᠵᠡᠭᠡᠪᠡ᠃       ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ︽ᠬᠥᠬᠡ ᠠᠳᠤᠭᠤᠨ ᠤ ᠢᠨᠵᠧᠨᠧᠷᠢᠩ︾ ᠤᠨ ᠪᠣᠯᠪᠠᠰᠤᠷᠠᠯ ᠤᠨ ᠠᠩᠭᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠣᠨᠣᠯ ᠤᠨ ᠪᠣᠯᠪᠠᠰᠤᠷᠠᠯ᠂ ᠨᠢᠭᠡ ᠲᠠᠪᠴᠠᠩ ᠤᠨ ᠤᠷᠤᠯᠳᠤᠭᠠᠨ ᠪᠠ ᠦᠢᠯᠡᠳᠦᠯᠭᠡ ᠶᠢᠨ ᠪᠣᠯᠪᠠᠰᠤᠷᠠᠯ ᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠪᠥᠬᠦ ᠬᠤᠲᠠ ᠶᠢᠨ ᠡᠪᠯᠡᠯ ᠤᠨ ᠭᠡᠰᠢᠭᠦᠨ ᠵᠠᠯᠠᠭᠤᠴᠤᠳ ᠲᠤ ᠦᠵᠡᠯ ᠰᠠᠨᠠᠭᠠᠨ ᠤ ᠰᠠᠭᠤᠷᠢ ᠶᠢ ᠰᠠᠶᠢᠲᠤᠷ ᠲᠠᠯᠪᠢᠵᠤ᠂ ᠣᠨᠣᠯ ᠤᠨ ᠮᠡᠳᠡᠯᠭᠡ ᠶᠢ ᠲᠡᠭᠦᠯᠳᠡᠷᠵᠢᠭᠦᠯᠦᠨ᠂ ᠬᠡᠪ ᠪᠣᠯᠪᠠᠰᠤᠷᠠᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠪᠯᠡᠯ ᠤᠨ ᠬᠠᠷᠢᠶᠠᠲᠤ ᠵᠠᠯᠠᠭᠤᠴᠤᠳ ᠤᠨ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠥᠷᠭᠡᠳᠬᠡᠬᠦ ᠳᠤ ᠰᠠᠶᠢᠲᠤᠷ ᠰᠠᠭᠤᠷᠢ ᠲᠠᠯᠪᠢᠵᠤ ᠥᠭᠪᠡ᠃      ᠪᠦᠬᠦ ᠬᠤᠳᠠ ᠶᠢᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠤᠨ ᠪᠦᠷᠢᠯᠳᠦᠬᠦᠨ᠂ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ 80 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号