| | 12 ᠰᠠᠷ᠎ᠠ ᠶᠢᠨ 5 ᠤ ᠡᠳᠦᠷ᠂ ᠮᠣᠩᠭᠤᠯ ᠤᠯᠤᠰ ᠠᠩᠬ᠎ᠠ ᠤᠳᠠᠭ᠎ᠠ ᠳᠤᠮᠳᠠᠳᠤ ᠤᠯᠤᠰ ᠠᠴᠠ ᠬᠤᠳᠠᠯᠳᠤᠨ | ᠠᠪᠤᠭᠰᠠᠨ ᠠᠭᠤᠷ ᠦᠯᠢᠶᠡᠬᠦ ᠲᠡᠷᠭᠡ᠂ ᠭᠠᠯ ᠤᠨᠲᠠᠷᠠᠭᠠᠬᠤ ᠲᠡᠷᠭᠡ᠂ ᠬᠠᠪᠰᠢᠭᠠᠢ ᠲᠡᠷᠭᠡ ᠡᠷᠢᠶᠡᠨ ᠬᠤᠲᠠ ᠶᠢᠨ | ᠪᠣᠭᠤᠮᠲᠠ ᠳᠤ ᠪᠣᠭᠤᠮᠲᠠ ᠥᠩᠭᠡᠷᠡᠬᠦ ᠭᠠᠷ ᠭᠦᠢᠴᠡᠳᠭᠡᠯ ᠢ ᠬᠢᠵᠦ ᠳᠠᠭᠤᠰᠭᠠᠵᠤ᠂ ᠤᠯᠤᠰ ᠤᠨ ᠡᠭᠦᠳᠡ ᠠᠴᠠ | ᠠᠮᠵᠢᠯᠲᠠ ᠲᠠᠢ ᠭᠠᠷᠪᠠ᠃ | | | | | ᠲᠤᠰ ᠡᠳᠦᠷ᠂ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠤᠨ ᠰᠢᠨ᠎ᠡ ᠪᠠᠷ ᠮᠠᠨᠳᠤᠭᠰᠠᠨ ᠵᠢᠢ | ᠬᠤᠸᠠ ᠪᠦᠯᠦᠭᠯᠡᠯ ᠪᠣᠯᠤᠨ ᠮᠣᠩᠭᠤᠯ ᠤᠯᠤᠰ ᠤᠨ ᠪᠠᠴᠢᠮ ᠪᠠᠶᠢᠳᠠᠯ ᠤᠨ ᠶᠡᠷᠦᠩᠬᠡᠢ ᠲᠣᠪᠴᠢᠶ᠎ᠠ ᠡᠷᠢᠶᠡᠨ | ᠬᠤᠲᠠ ᠶᠢᠨ ᠪᠣᠭᠤᠮᠲᠠ ᠳᠤ ᠲᠡᠷᠭᠡ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠪᠠ᠃ ᠲᠡᠷᠭᠡ | ᠬᠥᠰᠬᠡ ᠶᠢᠨ ᠬᠠᠬᠢᠷ ᠬᠦᠢᠲᠡᠨ ᠡᠪᠦᠯ ᠤᠨ ᠡᠳᠦᠷ ᠲᠤ ᠪᠣᠭᠤᠮᠲᠠ ᠪᠠᠷ ᠤᠷᠤᠭᠰᠢᠲᠠᠢ ᠪᠠᠷ ᠥᠩᠭᠡᠷᠡᠬᠦ ᠶᠢ | ᠪᠠᠲᠤᠯᠠᠬᠤ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ᠳᠠᠷᠦ᠋ᠢᠬᠠᠨ ᠬᠢᠨᠠᠬᠤ᠂ ᠳᠠᠷᠤᠢ ᠳᠤᠨᠢ ᠬᠦᠷᠦᠮᠡᠭᠴᠡ | ᠳᠠᠷᠦ᠋ᠢᠬᠠᠨ ᠶᠠᠪᠤᠭᠤᠯᠬᠤ︾ ᠪᠣᠭᠤᠮᠲᠠ ᠪᠠᠷ ᠥᠩᠭᠡᠷᠡᠬᠦ ᠵᠠᠭᠪᠤᠷ ᠢ ᠠᠪᠴᠤ᠂ ᠬᠠᠭᠤᠳᠠᠰᠤ ᠪᠠᠷᠢᠮᠲᠠ ᠶᠢᠨ ᠠᠵᠢᠯ ᠪᠠ | ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠶᠠᠪᠤᠭᠳᠠᠭᠤᠯᠵᠤ᠂ ᠡᠳ᠋ ᠪᠣᠳᠠᠰ ᠤᠨ | ᠲᠡᠭᠡᠭᠡᠪᠦᠷᠢ ᠶᠢᠨ ᠴᠠᠭ ᠪᠠ ᠬᠤᠭᠤᠰᠣᠨ ᠤ ᠬᠠᠰᠢᠯᠭ᠎ᠠ ᠶᠢ ᠭᠦᠢᠴᠡᠳ ᠠᠰᠢᠭᠯᠠᠨ ᠪᠣᠳᠠᠲᠠᠢ ᠪᠠᠷᠠᠭ᠎ᠠ ᠶᠢ ᠰᠢᠯᠭᠠᠨ | ᠪᠠᠶᠢᠴᠠᠭᠠᠵᠤ ᠬᠢᠨᠠᠨ ᠬᠠᠷᠭᠤᠭᠤᠯᠵᠤ᠂ ᠭᠠᠳᠠᠭᠠᠳᠤ ᠳᠤ ᠭᠠᠷᠭᠠᠬᠤ ᠲᠡᠷᠭᠡ ᠬᠥᠰᠬᠡ ᠶᠢᠨ ᠪᠣᠭᠤᠮᠲᠠ ᠳᠤ ︽ᠥᠴᠦᠬᠡᠨ | ᠴᠦ ᠰᠠᠭᠠᠲᠠᠬᠤ ᠦᠭᠡᠢ︾ ᠪᠠᠶᠢᠬᠤ ᠶᠢ ᠪᠠᠲᠤᠯᠠᠪᠠ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠳᠠᠯᠳᠤᠨ ᠠᠪᠤᠭᠰᠠᠨ ᠭᠠᠯ ᠤᠨᠲᠠᠷᠠᠭᠠᠬᠤ ᠲᠡᠷᠭᠡ ᠶᠢ ᠭᠤᠤᠯᠳᠠᠭᠤ | ᠮᠣᠩᠭᠤᠯ ᠤᠯᠤᠰ ᠤᠨ ᠭᠠᠯᠲᠤ ᠲᠡᠷᠭᠡᠨ ᠤ ᠥᠷᠲᠡᠭᠡ᠂ ᠨᠢᠰᠬᠡᠯ ᠤᠨ ᠪᠠᠭᠤᠳᠠᠯ ᠵᠡᠷᠭᠡ ᠲᠠᠯᠠᠪᠤᠷ ᠤᠨ ᠭᠠᠯ | ᠤᠨᠲᠠᠷᠠᠭᠠᠬᠤ ᠬᠠᠮᠠᠭᠠᠯᠠᠯᠲᠠ ᠳᠤ ᠬᠡᠷᠡᠭᠯᠡᠨ᠎ᠡ᠃ ᠳᠤᠮᠳᠠᠳᠤ ᠮᠣᠩᠭᠤᠯ ᠬᠤᠶᠠᠷ ᠤᠯᠤᠰ ᠤᠨ ᠠᠷᠠᠯᠵᠢᠶᠠᠨ ᠤ | ᠶᠠᠪᠤᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠣᠶᠢᠷ᠎ᠠ ᠶᠢᠨ ᠵᠢᠯ ᠳᠤ᠂ ︽ᠳᠤᠮᠳᠠᠳᠤ ᠤᠯᠤᠰ | ᠮᠣᠩᠭᠤᠯ ᠤᠯᠤᠰ ᠤᠨ ᠥᠷᠭᠡᠨ ᠣᠯᠠᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠵᠤ᠂ ᠨᠠᠩ ᠣᠯᠠᠨ ︽ | ᠳᠤᠮᠳᠠᠳᠤ ᠤᠯᠤᠰ ᠤᠨ ᠦᠢᠯᠡᠳᠬᠡᠯ︾ ᠤᠨ ᠲᠠᠸᠠᠷ ᠡᠷᠢᠶᠡᠨ ᠬᠤᠲᠠ ᠶᠢᠨ ᠪᠣᠭᠤᠮᠲᠠ ᠪᠠᠷ ᠳᠡᠮᠵᠢᠨ ᠭᠠᠳᠠᠭᠠᠳᠤ ᠳᠤ | ᠭᠠᠷᠴᠤ ᠪᠠᠶᠢᠨ᠎ᠠ᠃ | | |