【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠲᠦᠷᠦᠭᠦᠤ 11 ᠰᠠᠷ᠎ᠠ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 94 ᠲᠦᠮᠡᠨ ᠲᠣᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/12/6
   ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠭᠡᠷ︶ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 11 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ 1964 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠵᠡᠢ᠃
    ᠡᠪᠦᠯ ᠣᠷᠣᠭᠰᠠᠨ ᠠᠴᠠ ᠨᠠᠰᠢ᠂ ᠠᠭᠠᠷ ᠤᠨ ᠳᠤᠯᠠᠭᠠᠨ ᠠᠭᠠᠵᠢᠮ ᠢᠶᠠᠷ ᠳᠣᠣᠷ᠎ᠠ ᠪᠣᠯᠵᠤ᠂ ᠡᠷᠢᠶᠡᠨ ᠪᠣᠭᠤᠮᠲᠠ ᠬᠠᠷᠢᠨ ᠮᠥᠨ ᠯᠡ ᠬᠥᠷ ᠬᠥᠭᠵᠢᠶᠡᠨ ᠲᠠᠢ ᠪᠠᠢᠵᠤ᠂ ᠮᠠᠰᠢ ᠶᠠᠭᠠᠷᠠᠯᠳᠠᠢ ᠪᠠᠶᠢᠳᠠᠯ ᠢᠯᠡᠷᠡᠪᠡ᠃ ᠵᠠᠰᠠᠮᠠᠯ ᠵᠠᠮ ᠤᠨ ᠪᠣᠭᠤᠮᠲᠠ ᠳᠤ᠂ ᠵᠢᠮᠢᠰ ᠨᠣᠭᠤᠭ᠎ᠠ᠂ ᠪᠠᠷᠢᠯᠭ᠎ᠠ ᠶᠢᠨ ᠮᠠᠲ᠋ᠧᠷᠢᠶᠠᠯ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠲᠡᠭᠡᠭᠡᠪᠦᠷᠢ ᠶᠢᠨ ᠲᠡᠷᠭᠡ ᠨᠦᠭᠦᠳ ᠢ ᠪᠣᠭᠤᠮᠲᠠ ᠶᠢᠨ ᠪᠠᠶᠢᠴᠠᠭᠠᠨ ᠰᠢᠯᠭᠠᠯᠲᠠ ᠪᠠᠷ ᠳᠠᠮᠵᠢᠭᠠᠳ ᠮᠣᠩᠭᠤᠯ ᠤᠯᠤᠰ ᠵᠦᠭ ᠠᠯᠭᠤᠷᠬᠠᠨ ᠳᠠᠪᠬᠢᠭᠤᠯᠪᠠ︔ ᠲᠡᠮᠦᠷ ᠵᠠᠮ ᠤᠨ ᠪᠣᠭᠤᠮᠲᠠ ᠳᠤ ᠂ ᠨᠢᠭᠡ ᠴᠤᠪᠤᠭ᠎ᠠ ᠭᠠᠯᠲᠤ ᠲᠡᠷᠭᠡ ᠨᠢ ᠤᠯᠤᠰ ᠤᠨ ᠡᠭᠦᠳᠡ ᠠᠴᠠ ᠪᠠᠭᠤᠵᠤ᠂ ᠯᠢᠩᠪᠦ ᠳᠤᠤᠭᠠᠷᠴᠤ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠭᠠᠵᠠᠷ ᠵᠦᠭ ᠠᠶᠠᠯᠠᠪᠠ᠃      ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 11 ᠰᠠᠷ᠎ᠠ ᠳᠤ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1599 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 365 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 75% ᠪᠠᠷ ᠨᠡᠮᠡᠭᠳᠡᠨ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠮᠡᠭᠳᠡᠯ ᠤᠨ ᠬᠡᠮᠵᠢᠶ᠎ᠡ ᠢᠯᠡᠳᠲᠡ ᠨᠡᠮᠡᠭᠳᠡᠪᠡ᠃
   ᠨᠡᠭᠡᠭᠡᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠡᠷᠢᠶᠡᠨ ᠪᠣᠭᠤᠮᠲᠠ ᠶᠢᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠬᠢᠯᠢ ᠶᠢᠨ ᠪᠠᠶᠢᠴᠠᠭᠠᠯᠲᠠ ᠬᠢᠵᠦ ᠬᠠᠷᠢᠯᠴᠠᠨ ᠨᠡᠪᠲᠡᠷᠡᠯᠴᠡᠭᠦᠯᠬᠦ︾ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠲᠤᠷᠰᠢᠨ ᠠᠵᠢᠯᠯᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠵᠠᠯᠭᠠᠨ ᠲᠡᠭᠡᠭᠡᠪᠦᠷᠢᠯᠡᠵᠦ ᠰᠣᠯᠢᠵᠤ ᠠᠴᠢᠶᠠᠯᠠᠬᠤ ᠠᠵᠢᠯ ᠤᠨ ᠵᠠᠭᠪᠤᠷ ᠢ ᠰᠢᠯᠢᠳᠡᠭᠵᠢᠭᠦᠯᠵᠦ᠂ ᠲᠡᠷᠭᠡ ᠵᠢᠯᠣᠭᠤᠳᠬᠤ᠂ ᠪᠠᠷᠠᠭ᠎ᠠ ᠲᠡᠭᠡᠭᠡᠪᠦᠷᠢᠯᠡᠬᠦ᠂ ᠠᠴᠢᠶᠠᠯᠠᠵᠤ ᠪᠠᠭᠤᠯᠭᠠᠬᠤ ᠶᠢ ᠨᠢᠭᠡ ᠴᠣᠭᠴᠠᠵᠢᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠤᠢ ᠪᠣᠯᠭᠠᠪᠠ︔ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠬᠦᠴᠦᠯᠡᠨ ᠳᠡᠭᠡᠭᠰᠢᠯᠡᠭᠦᠯᠵᠦ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠲᠦᠷᠭᠡᠨ ᠥᠩᠭᠡᠷᠡᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ︽ᠶᠡᠭᠡ ᠪᠠᠷ ᠣᠷᠣᠵᠤ ᠭᠠᠷᠴᠤ᠂ ᠲᠦᠷᠭᠡᠨ ᠣᠷᠣᠵᠤ ᠭᠠᠷᠬᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号