︽ᠨᠢᠭᠡ ᠬᠤᠲᠠ ᠬᠤᠶᠠᠷ ᠬᠤᠰᠢᠭᠤ︾ ᠶᠢᠨ ᠨᠠᠮ ᠤᠨ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠵᠦ ᠬᠠᠮᠲᠤᠪᠠᠷ ᠪᠠᠶᠢᠭᠤᠯᠬᠤ ᠬᠡᠯᠡᠯᠴᠡᠭᠡᠷ ᠲᠤᠭᠲᠠᠪᠠ
ᠨᠡᠶᠢᠲᠡᠯᠡᠭᠰᠡᠨ ᠴᠠᠭ᠄
2024/12/9
  ︽ᠨᠢᠭᠡ ᠬᠤᠲᠠ ᠬᠤᠶᠠᠷ ᠬᠤᠰᠢᠭᠤ︾ ᠶᠢᠨ ᠨᠢᠭᠲᠠ ᠬᠠᠮᠵᠢᠯᠴᠠᠬᠤ ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠳᠣᠯᠠᠳᠠ᠂ 12 ᠰᠠᠷ᠎ᠠ ᠶᠢᠨ 6 ᠤ ᠡᠳᠦᠷ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠬᠤᠲᠠ ︵ᠬᠤᠰᠢᠭᠤ︶ ᠶᠢᠨ ᠨᠠᠮ ᠤᠨ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠵᠦ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃     ᠲᠤᠬᠠᠢ ᠶᠢᠨ ᠲᠠᠯᠠᠪᠠᠢ ᠳᠤ᠂ ᠭᠤᠷᠪᠠᠨ ᠣᠷᠣᠨ ᠤ ᠬᠤᠳᠠ ︵ᠬᠤᠰᠢᠭᠤ︶ ᠶᠢᠨ ᠨᠠᠮ ᠤᠨ ᠰᠤᠷᠭᠠᠭᠤᠯᠢ ︽ᠬᠠᠮᠲᠤᠷᠠᠨ ᠰᠤᠷᠭᠠᠭᠤᠯᠢ ᠡᠷᠬᠢᠯᠡᠵᠦ ᠬᠠᠮᠲᠤᠪᠠᠷ ᠪᠠᠶᠢᠭᠤᠯᠬᠤ ᠬᠡᠯᠡᠯᠴᠡᠭᠡᠷ︾ ᠲᠤ ᠭᠠᠷ ᠤᠨ ᠦᠰᠦᠭ ᠵᠢᠷᠤᠪᠠ᠃ ᠲᠠᠷᠠᠭ᠎ᠠ ᠨᠢ᠂ ᠬᠤᠷᠠᠯ ᠳᠤ ᠣᠷᠣᠯᠴᠠᠭᠰᠠᠳ ᠭᠤᠷᠪᠠᠨ ᠭᠠᠵᠠᠷ ᠤᠨ ᠨᠠᠮ ᠤᠨ ᠰᠤᠷᠭᠠᠭᠤᠯᠢ ᠶᠢᠨ ᠺᠠᠳ᠋ᠷ ᠤᠨ ᠪᠣᠯᠪᠠᠰᠤᠷᠠᠯ᠂ ᠤᠨᠤᠯ ᠤᠨ ᠰᠤᠳᠤᠯᠭᠠᠨ᠂ ᠪᠠᠭᠰᠢ ᠶᠢᠨ ᠬᠦᠴᠦᠨ ᠢ ᠴᠢᠩᠭᠠᠳᠬᠠᠬᠤ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠪᠠ᠃    ᠭᠤᠷᠪᠠᠨ ᠭᠠᠵᠠᠷ ᠤᠨ ᠨᠠᠮ ᠤᠨ ᠰᠤᠷᠭᠠᠭᠤᠯᠢ ᠬᠦᠴᠦᠨ ᠢᠶᠠᠨ ᠲᠥᠪᠯᠡᠷᠡᠭᠦᠯᠦᠨ ᠴᠠᠭ ᠲᠣᠬᠢᠶᠠᠯ ᠢ ᠠᠮᠵᠢᠨ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠪᠣᠯ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ᠂ ᠰᠢᠰᠲ᠋ᠧᠮ ᠤᠨ ᠬᠠᠮᠵᠢᠯᠴᠠᠭ᠎ᠠ ᠶᠢ ᠴᠢᠩᠭᠠᠳᠬᠠᠬᠤ ᠠᠰᠢᠭᠲᠠᠶ ᠰᠦᠪᠡᠭᠴᠢᠯᠡᠯᠲᠡ ᠮᠥᠨ᠃ ᠭᠤᠷᠪᠠᠨ ᠭᠠᠵᠠᠷ ᠤᠨ ᠨᠠᠮ ᠤᠨ ᠰᠤᠷᠭᠠᠭᠤᠯᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠲᠤ ᠲᠣᠭᠲᠠᠴᠠ ᠶᠢ ᠬᠠᠮᠲᠤ ᠪᠠᠷ ᠪᠠᠶᠢᠭᠤᠯᠬᠤ᠂ ᠪᠣᠯᠪᠠᠰᠤᠷᠠᠯ ᠢ ᠬᠠᠮᠲᠤ ᠪᠠᠷ ᠠᠳᠬᠤᠬᠤ᠂ ᠣᠨᠣᠯ ᠢ ᠬᠠᠮᠲᠤ ᠪᠠᠷ ᠰᠤᠳᠤᠯᠬᠤ᠂ ᠪᠠᠭᠰᠢ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠨᠢᠭᠲᠠ ᠬᠠᠮᠵᠢᠯᠴᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠬᠤ᠂ ᠵᠡᠷᠭᠡ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号