| | ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠭᠡᠷ︶ ᠠᠴᠠ | ᠣᠶᠢᠯᠠᠭᠠᠭᠰᠠᠨ ᠢᠶᠠᠷ᠂ 12 ᠰᠠᠷ᠎ᠠ ᠶᠢᠨ 6 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2001 ᠲᠦᠮᠡᠨ ᠲᠤᠨ ᠬᠦᠷᠴᠦ᠂ ᠠᠳᠠᠯᠢ | ᠬᠤᠭᠤᠴᠠᠭᠠᠨ ᠤ ᠬᠢ ᠠᠴᠠ 11% ᠨᠡᠮᠡᠭᠳᠡᠵᠦ᠂ ᠠᠩᠬ᠎ᠠ ᠤᠳᠠᠭ᠎ᠠ ᠵᠢᠯ ᠤᠨ ᠳᠣᠲᠣᠷ᠎ᠠ 2000 ᠲᠦᠮᠡᠨ ᠲᠤᠨ ᠶᠡᠭᠡ | ᠪᠣᠭᠤᠮᠲᠠ ᠶᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠡᠨᠡ ᠵᠢᠯ ᠠᠴᠠ ᠨᠠᠰᠢ᠂ ᠡᠷᠢᠶᠡᠨ ᠵᠠᠰᠠᠮᠠᠯ ᠵᠠᠮ ᠤᠨ ᠪᠣᠭᠤᠮᠲᠠ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ | ᠬᠠᠶᠢᠯᠤᠭᠤᠷ ᠵᠣᠩᠰᠢ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢᠨ ᠲᠦᠷᠦᠯ ᠵᠦᠢᠯ ᠤᠨ | ᠠᠬᠢᠭᠤᠯᠤᠯ ᠳᠣᠣᠷ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | ᠢᠯᠡᠳᠲᠡ ᠨᠡᠮᠡᠭᠳᠡᠪᠡ᠃ ᠲᠡᠮᠦᠷ ᠵᠠᠮ ᠤᠨ ᠬᠢᠯᠢ ᠶᠢᠨ ᠪᠣᠭᠤᠮᠲᠠ ᠨᠢ ᠥᠩᠭᠡᠷᠡᠭᠰᠡᠨ ᠵᠢᠯ ᠤᠳ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠲᠣᠭᠲᠠᠪᠤᠷᠢᠲᠤ ᠪᠠᠶᠢᠳᠠᠯ ᠢᠶᠠᠨ ᠪᠠᠲᠤᠯᠠᠪᠠ᠃ ᠵᠠᠰᠠᠮᠠᠯ ᠵᠠᠮ ᠤᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 371.6 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 74.1% ᠪᠠᠷ ᠨᠡᠮᠡᠭᠳᠡᠨ᠂ ᠲᠡᠮᠦᠷ ᠵᠠᠮ ᠤᠨ | ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1629. | 4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ᠃ | ᠡᠷᠢᠶᠡᠨ ᠬᠢᠯᠢ ᠶᠢᠨ ᠪᠣᠭᠤᠮᠲᠠ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠯᠢ ᠣᠯᠠᠨ ᠠᠷᠭ᠎ᠠ ᠬᠡᠮᠵᠢᠶ᠎ᠡ ᠠᠪᠴᠤ | ᠠᠶᠠᠨᠴᠢᠳ ᠪᠠ ᠪᠠᠷᠠᠭᠠᠨ ᠤ ᠲᠡᠭᠡᠭᠡᠪᠦᠷᠢ ᠳᠤ ᠬᠦᠴᠦ ᠨᠡᠮᠡᠷᠢᠯᠡᠶ᠎ᠠ᠃ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠵᠠᠮ 4 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ 6 ᠰᠠᠷ᠎ᠠ ᠶᠢᠨ | ᠬᠤᠭᠤᠴᠠᠭ᠎ᠠ ᠲᠠᠢ 24 ᠴᠠᠭ ᠢᠶᠠᠷ ᠪᠣᠭᠤᠮᠲᠠ ᠪᠠᠷ ᠥᠩᠭᠡᠷᠡᠬᠦ ᠶᠢ ᠬᠡᠷᠡᠭᠵᠢᠭᠦᠯᠵᠦ᠂ ᠬᠢᠯᠢ ᠪᠠᠷ ᠣᠷᠣᠭᠤᠯᠵᠤ ᠭᠠᠷᠭᠠᠬᠤ | ᠲᠡᠷᠭᠡ ᠬᠥᠰᠬᠡ ᠢᠯᠡᠳᠲᠡ ᠨᠡᠮᠡᠭᠳᠡᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠴᠤᠪᠤᠷᠠᠯ ᠢ ᠰᠢᠯᠢᠳᠡᠭᠵᠢᠭᠦᠯᠦᠨ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ | ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠵᠠᠯᠭᠠᠵᠤ ᠲᠡᠭᠡᠭᠡᠪᠦᠷᠢᠯᠡᠬᠦ ᠰᠣᠯᠢᠵᠤ | ᠠᠴᠢᠶᠠᠯᠠᠬᠤ ᠠᠵᠢᠯ ᠤᠨ ᠵᠠᠭᠪᠤᠷ ᠢ ᠰᠢᠯᠢᠳᠡᠭᠵᠢᠭᠦᠯᠵᠦ᠂ ᠲᠡᠷᠭᠡ ᠵᠢᠯᠣᠭᠤᠳᠬᠤ᠂ ᠪᠠᠷᠠᠭ᠎ᠠ ᠲᠡᠭᠡᠭᠡᠪᠦᠷᠢᠯᠡᠬᠦ᠂ ᠠᠴᠢᠶᠠᠯᠠᠵᠤ | ᠪᠠᠭᠤᠯᠭᠠᠬᠤ ᠶᠢ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠤᠢ ᠪᠣᠯᠭᠠᠬᠤ ᠬᠡᠷᠡᠭᠲᠡᠶ᠃ | ᠬᠤᠳᠠᠯᠳᠤᠭᠠᠨ ᠤ ᠶᠠᠪᠤᠳᠠᠯ ᠬᠢᠭᠡᠳ ᠲᠡᠷᠭᠡᠨ ᠥᠷᠲᠡᠭᠡ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ | ᠮᠥᠴᠢᠷ ᠤᠨ ᠬᠠᠮᠵᠢᠯᠴᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ | ᠨᠡᠪᠲᠡᠷᠡᠯᠴᠡᠵᠦ ᠬᠠᠮᠲᠤ ᠳᠤ ᠪᠠᠨ ᠭᠥᠷᠳᠡᠬᠦ ᠶᠢ ᠪᠡᠶᠡᠯᠡᠭᠦᠯᠦᠨ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ | ᠪᠣᠭᠤᠨᠢᠰᠬᠠᠨ᠎ᠠ᠃ ᠪᠣᠭᠤᠮᠲᠠ ᠪᠠᠷ ᠥᠩᠭᠡᠷᠡᠬᠦ ᠡᠯ᠎ᠡ ᠭᠤᠭᠴᠤᠭ᠎ᠠ ᠶᠢᠨ ᠠᠵᠢᠯ ᠤᠨ ᠴᠤᠪᠤᠷᠠᠯ ᠢ ᠦᠷᠭᠦᠯᠵᠢᠯᠡᠨ | ᠬᠥᠳᠡᠯᠦᠩᠭᠦᠶ ᠪᠠᠷ ᠡᠮᠬᠢᠯᠡᠨ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠲᠦᠷᠭᠡᠨ ᠢᠶᠠᠷ | ᠪᠣᠭᠤᠮᠲᠠ ᠪᠠᠷ ᠥᠩᠭᠡᠷᠡᠬᠦ ᠶᠢ ᠪᠠᠲᠤᠯᠠᠨ᠂ ᠪᠣᠭᠤᠮᠲᠠ ᠪᠠᠷ ᠥᠩᠭᠡᠷᠡᠬᠦ ︽ᠶᠡᠭᠡ ᠪᠠᠷ ᠣᠷᠣᠵᠤ ᠭᠠᠷᠴᠤ᠂ ᠲᠦᠷᠭᠡᠨ ᠣᠷᠣᠵᠤ | ᠲᠦᠷᠭᠡᠨ ᠭᠠᠷᠬᠤ︾ ᠶᠢ ᠬᠠᠪᠰᠤᠷᠤᠨ ᠠᠬᠢᠭᠤᠯᠪᠠ᠃ |