ᠠᠩᠬᠠᠨ ᠤ ᠲᠡᠷᠭᠡ ᠠᠭᠤᠷᠬᠠᠢ ᠶᠢᠨ ᠦᠢᠯᠡᠳᠭᠦᠨ ᠣᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠢᠶᠠᠷ ᠳᠠᠮᠵᠢᠨ ᠬᠢᠯᠢ ᠳᠤ ᠣᠷᠤᠪᠠ
ᠨᠡᠶᠢᠲᠡᠯᠡᠭᠰᠡᠨ ᠴᠠᠭ᠄
2024/12/9
     12 ᠳ᠋ᠤᠭᠠᠷ ᠰᠠᠷ᠎ᠠ ᠶᠢᠨ 5 ᠤ ᠡᠳᠦᠷ᠂ ᠲᠡᠮᠦᠷ ᠤᠨ ᠠᠭᠤᠷᠬᠠᠶ ᠶᠢᠨ ᠬᠠᠶᠢᠷ ᠢ ᠳᠦᠭᠦᠷᠲᠡᠯ᠎ᠡ ᠲᠡᠭᠡᠭᠡᠭᠰᠡᠨ ᠨᠢᠭᠡᠨ ᠲᠡᠷᠭᠡ ᠬᠥᠰᠬᠡ ᠭᠤᠶᠤᠴᠢᠯᠠᠨ ᠮᠡᠳᠡᠭᠦᠯᠬᠦ ᠶᠠᠪᠤᠴᠠ᠂ ᠡᠯ᠎ᠡ ᠵᠦᠢᠯ ᠤᠨ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠭᠰᠠᠨ ᠤ ᠳᠠᠷᠠᠭ᠎ᠠ᠂ ᠢ ᠲᠦᠸᠧ ᠹᠦ ᠶᠤᠸᠠᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ ᠢᠶᠠᠷ ᠳᠠᠮᠵᠢᠭᠤᠯᠤᠨ ᠬᠢᠯᠢ ᠳᠤ ᠣᠷᠣᠪᠠ᠃
  ᠣᠶᠢᠯᠠᠭᠠᠭᠰᠠᠨ ᠢᠶᠠᠷ᠂ ᠢ ᠲᠦᠸᠧ ᠹᠦ᠋ ᠶᠤᠸᠠᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠡᠵᠡᠯᠡᠬᠦ ᠲᠠᠯᠠᠪᠠᠶ ᠨᠢ 185359 ᠲᠡᠭᠰᠢ ᠳᠥᠷᠪᠡᠯᠵᠢᠨ ᠮᠧᠲᠷ᠂ ᠠᠵᠢᠯᠯᠠᠬᠤ ᠲᠣᠭᠤᠷᠢᠭ ᠤᠨ ᠪᠠᠷᠢᠯᠭ᠎ᠠ ᠶᠢᠨ ᠲᠠᠯᠠᠪᠠᠶ ᠨᠢ 4000 ᠲᠡᠭᠰᠢ ᠳᠥᠷᠪᠡᠯᠵᠢᠨ ᠮᠧᠲᠷ᠂ ᠨᠡᠭᠦᠷᠡᠰᠦ ᠬᠠᠳᠠᠭᠠᠯᠠᠬᠤ ᠰᠠᠷᠠᠪᠴᠢ ᠶᠢᠨ ᠲᠠᠯᠠᠪᠠᠶ ᠨᠢ 15000 ᠲᠡᠭᠰᠢ ᠳᠥᠷᠪᠡᠯᠵᠢᠨ ᠮᠧᠲᠷ᠂ ᠭᠠᠳᠠᠭᠠᠳᠤ ᠠᠴᠠ ᠣᠷᠣᠭᠤᠯᠬᠤ ᠡᠳ᠋ ᠪᠠᠷᠠᠭ᠎ᠠ ᠶᠢᠨ ᠴᠢᠩᠭᠡᠯᠢᠭ ᠬᠠᠳᠠᠭᠠᠯᠠᠬᠤ ᠲᠠᠯᠠᠪᠠᠶ ᠨᠢ 50000 ᠲᠡᠭᠰᠢ ᠳᠥᠷᠪᠡᠯᠵᠢᠨ ᠮᠧᠲᠷ᠂ ᠭᠠᠳᠠᠭᠠᠳᠤ ᠳᠤ ᠭᠠᠷᠭᠠᠬᠤ ᠴᠢᠳᠠᠮᠵᠢ ᠨᠢ 35000 ᠲᠡᠭᠰᠢ ᠳᠥᠷᠪᠡᠯᠵᠢᠨ ᠮᠧᠲᠷ ᠪᠠᠶᠢᠨ᠎ᠠ᠃
   ᠡᠨᠡ ᠪᠦᠯᠦᠭ ᠲᠡᠮᠦᠷ ᠤᠨ ᠬᠦᠳᠡᠷ ᠨᠢ ᠲᠣᠰ ᠲᠠᠯᠠᠪᠤᠷ ᠭᠠᠵᠠᠷ ᠲᠤ ᠪᠣᠭᠤᠮᠲᠠ ᠪᠠᠷ ᠥᠩᠭᠡᠷᠡᠬᠦ᠂ ᠪᠠᠶᠢᠴᠠᠭᠠᠨ ᠰᠢᠯᠭᠠᠬᠤ᠂ ᠬᠢᠯᠢ ᠳᠤ ᠣᠷᠣᠭᠤᠯᠬᠤ ᠶᠢ ᠪᠡᠶᠡᠯᠡᠭᠦᠯᠵᠦ᠂ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠶᠢᠨ ᠳᠣᠲᠣᠷ᠎ᠠ ᠭᠠᠳᠠᠨᠠᠬᠢ ᠪᠠᠷᠠᠭᠠᠨ ᠤ ᠭᠦᠢᠯᠭᠡᠭᠡᠨ ᠤ ᠬᠤᠯᠪᠣᠭᠠᠯᠠᠨ ᠬᠥᠳᠡᠯᠦᠯᠴᠡᠬᠦ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠡᠭᠡᠭᠡᠵᠦ᠂ ᠳᠤᠮᠳᠠᠳᠤ ᠮᠣᠩᠭᠤᠯ ᠤᠨ ᠪᠣᠭᠤᠮᠲᠠ ᠶᠢᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠤᠯᠢᠮᠠᠭ ᠬᠠᠮᠲᠤᠷᠠᠯᠴᠠᠭᠠᠨ ᠤ ᠥᠯᠢᠭᠡᠷ ᠵᠢᠱᠢᠶ᠎ᠡ ᠪᠣᠯᠤᠭᠰᠠᠨ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号