【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ 49 ᠠᠮᠢᠳᠤ ᠮᠣᠷᠢ ᠶᠢ ᠲᠦᠷᠭᠡᠨ ᠰᠢᠯᠭᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/12/9
   12 ᠰᠠᠷ᠎ᠠ ᠶᠢᠨ 5 ᠤ ᠡᠳᠦᠷ᠂ 49 ᠮᠣᠩᠭᠤᠯ ᠮᠣᠷᠢ ᠶᠢ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠵᠤ ᠪᠣᠢ᠂ ᠡᠷᠢᠶᠡᠨ ᠪᠣᠭᠤᠮᠲᠠ ᠶᠢᠨ ᠠᠵᠢᠯᠲᠠᠨ ᠲᠡᠷᠡ ᠳᠠᠷᠤᠢ ᠳᠤᠨᠢ ᠡᠳᠡᠭᠡᠷ ᠮᠣᠷᠢ ᠶᠢ ᠲᠤᠰᠠᠭᠠᠷᠯᠠᠨ ᠬᠢᠵᠢᠭ ᠤᠨ ᠪᠠᠶᠢᠴᠠᠭᠠᠯᠲᠠ ᠬᠢᠵᠦ᠂ ᠪᠣᠭᠤᠮᠲᠠ ᠪᠠᠷ ᠲᠦᠷᠭᠡᠨ ᠥᠩᠭᠡᠷᠡᠬᠦ ᠶᠢ ᠦᠨᠡᠨ ᠬᠦ ᠪᠠᠲᠤᠯᠠᠪᠠ᠃     ᠭᠠᠳᠠᠭᠠᠳᠤ ᠣᠷᠣᠭᠤᠯᠤᠯᠲᠠ ᠪᠣᠯ ᠡᠷᠢᠶᠡᠨ ᠬᠤᠳᠠ ᠶᠢᠨ ᠪᠣᠭᠤᠮᠲᠠ ᠶᠢᠨ ᠭᠠᠳᠠᠭᠠᠳᠤ ᠣᠷᠣᠭᠤᠯᠤᠯᠲᠠ ᠶᠢᠨ ᠠᠷᠠᠯᠵᠢᠶᠠᠨ ᠤ ᠨᠢᠭᠡᠨ ᠶᠡᠭᠡ ᠣᠨᠴᠠᠯᠢᠭ ᠪᠣᠯᠤᠨ᠎ᠠ᠃ ᠬᠢᠵᠢᠭ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠷᠢᠶᠡᠨ ᠪᠣᠭᠤᠮᠲᠠ ᠳᠡᠭᠡᠷ᠎ᠡ ᠭᠦᠢᠴᠡᠳ ᠪᠡᠯᠡᠳᠬᠡᠯ ᠬᠢᠵᠦ᠂ ᠲᠤᠰᠠᠭᠠᠷᠯᠠᠨ ᠠᠵᠢᠭᠯᠠᠬᠤ ᠲᠠᠯᠠᠪᠤᠷ ᠲᠤ ᠤᠷᠢᠳᠴᠢᠯᠠᠨ ᠪᠠᠶᠢᠴᠠᠭᠠᠯᠲᠠ ᠬᠢᠵᠦ᠂ ᠡᠨᠡ ᠪᠦᠯᠦᠭ ᠠᠮᠢᠳᠤ ᠮᠣᠷᠢ ᠶᠢ ᠪᠣᠭᠤᠮᠲᠠ ᠪᠠᠷ ᠥᠩᠭᠡᠷᠡᠭᠦᠯᠦᠭᠰᠡᠨ ᠤ ᠳᠠᠷᠠᠭ᠎ᠠ ᠴᠠᠭ ᠲᠤᠬᠠᠢ ᠳᠤᠨᠢ ᠪᠣᠭᠤᠮᠲᠠ ᠥᠩᠭᠡᠷᠡᠬᠦ ᠶᠢ ᠪᠠᠲᠤᠯᠠᠪᠠ᠃      ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠦᠦ ᠵᠢᠤᠢ ᠭᠤᠸᠠᠩ᠄ ︽ᠡᠷᠢᠶᠡᠨ ᠪᠣᠭᠤᠮᠲᠠ ᠲᠡᠷᠡ ᠳᠠᠷᠤᠢ ᠳᠤᠨᠢ ᠪᠢᠳᠡᠨ ᠳᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠮᠠᠰᠢ ᠤᠯᠠᠨ ᠴᠠᠭ ᠢ ᠠᠷᠪᠢᠯᠠᠪᠠ᠃ ᠡᠨᠡ ᠠᠳᠤᠭᠤ ᠶᠢ ᠤᠳᠠᠯ ᠦᠭᠡᠢ ᠲᠤᠰᠠᠭᠠᠷᠯᠠᠬᠤ ᠬᠤᠭᠤᠴᠠᠭᠠᠨ ᠳᠤ ᠣᠷᠣᠭᠤᠯᠵᠤ᠂ ᠲᠤᠰᠠᠭᠠᠷᠯᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠡᠯ᠎ᠡ ᠭᠠᠵᠠᠷ ᠲᠤ ᠬᠤᠪᠢᠶᠠᠷᠢᠯᠠᠨ᠎ᠠ᠃     ᠲᠣᠰ ᠪᠦᠯᠦᠭ ᠠᠵᠢᠷᠭ᠎ᠠ ᠡᠷᠢᠶᠡᠨ ᠪᠣᠭᠤᠮᠲᠠ ᠳᠤ ᠬᠦᠷᠦᠭᠰᠡᠨ ᠤ ᠳᠠᠷᠠᠭ᠎ᠠ᠂ ᠲᠦᠷ ᠴᠠᠭ ᠤᠨ ᠲᠤᠰᠠᠭᠠᠷᠯᠠᠬᠤ ᠲᠠᠯᠠᠪᠤᠷ ᠲᠤ ᠲᠡᠭᠡᠭᠡᠪᠦᠷᠢᠯᠡᠨ ᠬᠦᠷᠴᠦ ᠲᠤᠰᠠᠭᠠᠷᠯᠠᠨ ᠬᠢᠵᠢᠭ ᠤᠨ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠤᠨ ᠡᠮᠴᠢᠯᠡᠭᠡᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠤᠯᠤᠰ ᠤᠨ ᠳᠣᠲᠣᠭᠠᠳᠤ ᠳᠤ ᠬᠤᠪᠢᠶᠠᠷᠢᠯᠠᠵᠤ᠂ ᠭᠤᠸ᠎ᠠ ᠰᠠᠶᠢᠬᠠᠨ ᠤ ᠤᠷᠤᠯᠳᠤᠭᠠᠨ ᠳᠤ ᠬᠡᠷᠡᠭᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号