【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠭ᠎ᠠ ᠴᠠᠭ 】 ᠡᠮᠦᠨ᠎ᠡ 11 ᠰᠠᠷ᠎ᠠ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 3112 ᠴᠤᠪᠤᠭ᠎ᠠ ᠲᠡᠷᠭᠡ
ᠨᠡᠶᠢᠲᠡᠯᠡᠭᠰᠡᠨ ᠴᠠᠭ᠄
2024/12/9
   ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠤ 11 ᠰᠠᠷ᠎ᠠ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 3112 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃ ᠡᠭᠦᠨ ᠳᠤ ᠬᠢᠯᠢ ᠠᠴᠠ 1705 ᠤᠳᠠᠭ᠎ᠠ ᠭᠠᠷᠴᠤ᠂ ᠠᠳᠠᠯᠢ ᠬᠤᠭᠤᠴᠠᠭᠠᠨ ᠤ ᠬᠢ ᠠᠴᠠ 3.2% ᠪᠠᠷ ᠨᠡᠮᠡᠭᠳᠡᠵᠦ᠂ ᠬᠢᠯᠢ ᠳᠤ 1407 ᠤᠳᠠᠭ᠎ᠠ ᠣᠷᠣᠵᠤ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ᠃    ᠣᠶᠢᠷ᠎ᠠ ᠶᠢᠨ ᠡᠳᠦᠷ ᠤᠳ ᠲᠤ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠠᠯᠠᠪᠤᠷ ᠲᠠᠬᠢ ᠨᠢᠭᠡᠨ ᠥᠨᠳᠥᠷ ᠰᠦᠷᠯᠢᠭ ᠯᠦᠩ ᠮᠧᠨ ᠡᠯᠭᠦᠮᠡᠯ ︽ᠭᠠᠷ︾ ᠢᠶᠠᠨ ᠬᠤᠷᠦ᠋ᠢᠯᠠᠵᠤ᠂ ᠡᠯᠳᠡᠪ ᠥᠩᠭᠡ ᠶᠢᠨ ᠴᠢᠩᠭᠡᠯᠢᠭ ᠢ ᠠᠳᠬᠤᠨ ᠰᠣᠯᠢᠵᠤ ᠠᠴᠢᠶᠠᠯᠠᠬᠤ ᠠᠵᠢᠯ ᠬᠢᠵᠡᠶ᠃ ᠭᠠᠯᠲᠤ ᠲᠡᠷᠭᠡ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠠᠴᠢᠶᠠᠯᠠᠨ ᠡᠬᠢᠯᠡᠭᠦᠯᠵᠦ᠂ ᠤᠯᠤᠰ ᠤᠨ ᠡᠭᠦᠳᠡᠨ ᠤ ᠳᠣᠣᠷᠠᠬᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠶᠢᠨ ᠵᠠᠮ︾ ᠢᠶᠠᠷ ᠳᠠᠮᠵᠢᠭᠤᠯᠵᠤ᠂ ᠤᠯᠠᠮ ᠠᠴᠠ ᠤᠯᠠᠮ ᠤᠯᠠᠨ ᠺᠣᠮᠫᠢᠦ᠋ᠲ᠋ᠧᠷ᠂ ᠯᠢᠲ᠋ᠢ ᠳ᠋ᠢᠶᠠᠨ ᡂᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ ︽ᠳᠤᠮᠳᠠᠳᠤ ᠤᠯᠤᠰ ᠤᠨ ᠦᠢᠯᠡᠳᠬᠡᠯ︾ ᠢ ᠳᠡᠯᠡᠬᠡᠢ ᠶᠢᠨ ᠡᠯ᠎ᠡ ᠭᠠᠵᠠᠷ ᠲᠤ ᠪᠣᠷᠣᠯᠠᠭᠤᠯᠵᠤ᠂ ᠪᠠᠰᠠ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠤᠨ ᠮᠠᠰᠢᠨ ᠲᠡᠷᠭᠡ᠂ ᠤᠯᠠᠭᠠᠨ ᠠᠷᠢᠬᠢ᠂ ᠠᠷᠤᠷ᠎ᠠ ᠶᠢᠨ ᠲᠣᠰᠣ ᠵᠡᠷᠭᠡ ︽ᠭᠠᠳᠠᠭᠠᠳᠤ ᠶᠢᠨ ᠪᠠᠷᠠᠭ᠎ᠠ︾ ᠶᠢ ᠤᠯᠤᠰ ᠤᠨ ᠳᠣᠲᠣᠭᠠᠳᠤ ᠳᠤ ᠣᠷᠣᠭᠤᠯᠤᠭᠰᠠᠨ ᠪᠠᠶᠢᠨ᠎ᠠ᠃    ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠤᠨ ᠡᠮᠦᠨ᠎ᠡ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠵᠠᠯᠭᠠᠨ ᠲᠡᠭᠡᠭᠡᠪᠦᠷᠢᠯᠡᠵᠦ ᠰᠣᠯᠢᠵᠤ ᠠᠴᠢᠶᠠᠯᠠᠬᠤ ᠠᠵᠢᠯ ᠤᠨ ᠵᠠᠭᠪᠤᠷ ᠢ ᠰᠢᠯᠢᠳᠡᠭᠵᠢᠭᠦᠯᠵᠦ᠂ ᠵᠠᠮ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ︽ᠲᠣᠭᠠᠴᠢᠯᠠᠭᠰᠠᠨ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠤᠳᠠᠯᠳᠤᠭᠠᠨ ᠤ ᠶᠠᠪᠤᠳᠠᠯ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠲᠡᠮᠦᠷ ᠵᠠᠮ ᠤᠨ ᠲᠡᠷᠭᠡᠨ ᠥᠷᠲᠡᠭᠡ ᠵᠡᠷᠭᠡ ᠨᠢᠭᠡᠴᠢ ᠶᠢᠨ ᠬᠠᠮᠵᠢᠯᠴᠠᠬᠤ ᠬᠢᠷᠢ ᠲᠦᠪᠰᠢᠨ ᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠪᠣᠭᠤᠮᠲᠠ ᠪᠠᠷ ᠥᠩᠭᠡᠷᠡᠬᠦ ᠳᠤ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号