【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠬᠤᠲᠠ ᠶᠢᠨ ᠰᠠᠶᠢᠬᠤᠰᠤ ᠭᠠᠴᠠᠭ᠎ᠠ᠄ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠰᠤᠷᠲᠠᠯ ᠢ ᠪᠤᠶᠢᠵᠢᠭᠤᠯᠵᠤ᠂ ᠬᠥᠳᠡᠭᠡ ᠲᠣᠰᠬᠤᠨ ᠤ ︽ᠴᠤᠭ ᠰᠦᠯᠳᠡ︾ ᠶᠢ ᠬᠥᠭᠵᠢᠭᠡᠨ᠎ᠡ
ᠨᠡᠶᠢᠲᠡᠯᠡᠭᠰᠡᠨ ᠴᠠᠭ᠄
2024/2/18
   3 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ 100 ᠭᠠᠷᠤᠶ ᠤᠳᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠡᠶᠢᠲᠡ 300 ᠴᠠᠭ ᠦᠢᠯᠡᠴᠢᠯᠡᠪᠡ ᠁ ᠡᠨᠡ ᠪᠣᠯ ᠰᠠᠶᠢᠬᠤᠰᠤ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠭᠢᠯᠠᠯᠵᠠᠭᠰᠠᠨ ᠬᠢᠷᠢ ᠪᠦᠲᠦᠮᠵᠢ ᠶᠢᠨ ᠬᠠᠭᠤᠳᠠᠰᠤ ᠪᠣᠯᠤᠨ᠎ᠠ᠃ ᠠᠳᠡ ᠭᠠᠵᠠᠷ ᠰᠠᠢ ᠦᠭᠡᠢ ᠪᠦᠬᠦ ᠠᠷᠠᠳ ᠢᠶᠠᠷ ᠢᠶᠠᠨ ᠪᠣᠯᠪᠠᠰᠤᠨ ᠰᠢᠨ᠎ᠡ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠥᠭᠡᠳᠡᠯᠡᠨ ᠳᠠᠪᠰᠢᠬᠤ ᠬᠦᠴᠦᠨ ᠢ ᠣᠯᠵᠤ ᠬᠠᠷᠠᠵᠤ᠂ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠴᠡᠴᠡᠭᠯᠡᠨ ᠳᠡᠯᠭᠡᠷᠡᠵᠦ ᠪᠠᠶᠢᠭ᠎ᠠ ᠰᠣᠷᠭᠤᠭ ᠴᠡᠴᠡᠭ ᠮᠡᠲᠦ ᠪᠠᠶᠢᠵᠤ᠂ ᠪᠣᠯᠪᠠᠰᠤᠨ ᠤ ᠦᠨᠦᠷ ᠠᠮᠲᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃    ᠰᠢᠨ᠎ᠡ ᠵᠢᠯ ᠢ ᠥᠩᠭᠡᠷᠡᠭᠦᠯᠬᠦ ᠳᠤ ᠬᠤᠲᠠ ᠶᠢᠨ ᠦᠨᠦᠷ ᠠᠮᠲᠠ ᠲᠡᠭᠦᠯᠳᠡᠷ ᠪᠠᠶᠢᠵᠤ᠂ ᠭᠠᠴᠠᠭ᠎ᠠ ᠳᠤ ᠴᠤ ᠬᠤᠸᠠᠷ ᠫᠤᠤᠵᠢᠩ ᠲᠠᠯᠪᠢᠵᠤ᠂ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠵᠠᠯᠭᠠᠭ᠎ᠠ ᠵᠠᠯᠭᠠᠭ᠎ᠠ ᠪᠠᠷ ᠭᠠᠷᠴᠤ ᠪᠠᠶᠢᠨ᠎ᠠ᠃ ᠤᠯᠠᠭᠠᠨ ᠥᠩᠭᠡ ᠲᠠᠢ ᠤᠤᠵᠢ ᠡᠮᠦᠰᠦᠭᠰᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠳᠤᠮᠳᠠ ᠰᠦᠯᠵᠢᠯᠳᠦᠵᠦ᠂ ᠦᠢᠯᠡᠴᠢᠯᠡᠭᠡ ᠬᠦᠷᠭᠡᠵᠦ᠂ ᠬᠠᠶᠢᠷ᠎ᠠ ᠬᠠᠯᠠᠮᠵᠢ ᠬᠦᠷᠭᠡᠵᠦ᠂ ᠭᠠᠵᠠᠷ ᠪᠣᠯᠭᠠᠨ ᠳᠤ ᠨᠢᠳᠦ ᠭᠢᠯᠠᠰᠤᠮ᠎ᠠ ︽ᠰᠠᠶᠢᠨ ᠳᠤᠷ᠎ᠠ ᠶᠢᠨ ᠤᠯᠠᠭᠠᠨ︾ ᠬᠠᠷᠠᠭᠳᠠᠨ᠎ᠠ᠃    ᠨᠣᠭᠤᠭ᠎ᠠ ᠶᠢᠨ ᠲᠠᠷᠢᠶᠠᠴᠢᠨ ᠵᠠᠩ ᠶᠢᠦ ᠬᠤᠸᠠᠨ ᠡᠷ᠎ᠡ ᠡᠮ᠎ᠡ ᠬᠤᠶᠠᠷ ᠠᠮᠠ ᠲᠡᠷᠭᠡᠨ ᠠᠳᠡᠯ ᠳᠤ ᠤᠴᠠᠷᠠᠵᠤ᠂ ᠲᠠᠷᠢᠶᠠᠯᠠᠩ ᠤᠨ ᠶᠠᠭᠠᠷᠠᠤ ᠴᠠᠭ ᠲᠤ 4000 ᠭᠠᠷᠤᠢ ᠵᠢᠩ ᠢᠳᠡᠰᠢᠨ ᠨᠣᠭᠤᠭ᠎ᠠ ᠪᠠᠨ ᠬᠤᠳᠠᠯᠳᠤᠬᠤ ᠶᠢᠨ ᠠᠷᠭ᠎ᠠ ᠦᠭᠡᠢ᠂ ᠭᠠᠴᠠᠭᠠᠨ ᠤ ᠨᠠᠮ ᠤᠨ ᠡᠭᠦᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠲᠠᠢ ᠬᠤᠶᠢᠨ᠎ᠠ ᠬᠤᠶᠢᠨ᠎ᠠ ᠠᠴᠠ ᠪᠠᠨ ᠥᠪᠡᠷ ᠤᠨ ᠲᠠᠷᠢᠶᠠᠨ ᠠᠵᠢᠯ ᠢᠶᠠᠨ ᠲᠠᠯᠪᠢᠵᠤ᠂ ᠬᠠᠪᠰᠤᠷᠴᠤ ᠬᠠᠳᠤᠵᠤ ᠬᠤᠷᠢᠶᠠᠪᠠ᠃ ᠣᠳᠣᠬᠠᠨ ᠳᠤ᠂ ᠵᠠᠩ ᠶᠢᠦ ᠬᠤᠸᠠᠨ ᠡᠷ᠎ᠡ ᠡᠮ᠎ᠡ ᠬᠤᠶᠠᠭᠤᠯᠠ ᠶᠢ ᠡᠮᠨᠡᠯᠭᠡ ᠠᠴᠠ ᠭᠠᠷᠭᠠᠵᠤ᠂ ᠶᠠᠭ ᠭᠡᠷ ᠲᠡᠭᠡᠨ ᠡᠷᠡᠭᠦᠯᠵᠢᠭᠦᠯᠬᠦ ᠡᠮᠴᠢᠯᠡᠭᠡ ᠬᠢᠵᠦ ᠪᠠᠶᠢᠨ᠎ᠠ᠃ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠰᠠᠶᠢᠬᠤᠰᠤ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠬᠠᠮᠲᠤ ᠵᠠᠩ ᠶᠢᠦ ᠬᠤᠸᠠᠨ ᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠪᠡ᠃ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ︽ᠬᠠᠷᠢᠯᠴᠠᠨ ᠬᠠᠪᠰᠤᠷᠤᠯᠴᠠᠬᠤ︾᠂ ︽ᠭᠠᠷ ᠭᠠᠷ ᠢᠶᠠᠨ ᠬᠤᠯᠪᠣᠵᠦ︾ ᠨᠢᠭᠡᠨᠲᠡ ᠰᠠᠶᠢᠬᠤᠰᠤ ᠭᠠᠴᠠᠭᠠᠨ ᠤ ᠤᠯᠠᠮᠵᠢᠯᠠᠯᠲᠤ ᠰᠠᠶᠢᠬᠠᠨ ᠰᠤᠷᠲᠠᠯ ᠪᠣᠯᠤᠭᠰᠠᠨ ᠪᠠᠶᠢᠨ᠎ᠠ᠃    ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ᠂ ᠰᠠᠶᠢᠬᠤᠰᠤ ᠭᠠᠴᠠᠭ᠎ᠠ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠶᠡᠬᠡᠪᠡᠷ ᠠᠬᠢᠭᠤᠯᠬᠤ ᠶᠢᠨ ᠬᠠᠮᠲᠤ᠂ ᠰᠢᠨ᠎ᠡ ᠴᠠᠭ ᠦᠶ᠎ᠡ ᠶᠢᠨ ᠭᠠᠴᠠᠭᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠢᠨ᠎ᠡ ᠵᠠᠮ ᠢ ᠰᠦᠪᠡᠭᠴᠢᠯᠡᠨ ᠭᠠᠷᠭᠠᠵᠠᠢ᠃ ︽ᠨᠠᠮ ᠤᠨ ᠡᠭᠦᠷ ᠬᠤᠷᠰᠢᠶ᠎ᠠ ᠠᠵᠤ ᠠᠬᠤᠶᠢᠯᠠᠯ ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢᠶᠠᠷ ᠤᠯᠠᠮᠵᠢᠯᠠᠯᠲᠤ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ︽ᠵᠢᠮᠢᠰ ᠢᠳᠡᠰᠢᠨ ᠨᠣᠭᠤᠭ᠎ᠠ ᠶᠢᠨ ᠦᠢᠯᠡᠰ︾ ᠤᠨ ᠠᠭᠤᠰᠤᠯᠴᠠᠨ ᠬᠥᠭᠵᠢᠬᠦ ᠶᠢ ᠬᠦᠴᠦᠯᠡᠨ ᠪᠤᠶᠢᠵᠢᠭᠤᠯᠵᠤ᠂ ᠪᠦᠬᠦ ᠬᠤᠳᠠ ᠶᠢᠨ ᠬᠠᠮᠤᠭ ᠤᠨ ᠶᠡᠭᠡ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠺᠣᠮᠫᠠᠨᠢ ᠪᠣᠯᠤᠨ ᠬᠡᠪᠴᠢᠶᠡᠵᠢᠭᠰᠡᠨ ᠬᠡᠯᠬᠢᠶ᠎ᠡ ᠬᠡᠳᠦ ᠳᠡᠯᠭᠡᠭᠦᠷ ᠯᠦᠭᠡ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠨᠢᠭᠲᠠᠷᠠᠭᠤᠯᠬᠤ ᠬᠤᠯᠪᠣᠭᠠᠨ ᠤ ᠲᠣᠭᠲᠠᠴᠠ ᠶᠢ ᠪᠦᠷᠢᠯᠳᠦᠭᠦᠯᠦᠨ᠎ᠡ᠃ ᠡᠨᠡ ᠬᠦ ᠲᠣᠭᠲᠠᠴᠠ ᠪᠠᠷ ᠳᠠᠮᠵᠢᠭᠤᠯᠤᠨ᠂ ᠭᠠᠴᠠᠭᠠᠨ ᠤ ᠦᠢᠯᠡᠳᠪᠦᠷᠢᠯᠡᠭᠰᠡᠨ ᠵᠢᠮᠢᠰ ᠨᠣᠭᠤᠭ᠎ᠠ ᠵᠢᠯ ᠪᠦᠷᠢ ᠮᠣᠩᠭᠤᠯ ᠤᠯᠤᠰ ᠲᠤ 2000 ᠲᠣᠨ ᠪᠣᠷᠣᠯᠠᠭᠤᠯᠵᠤ᠂ ᠠᠷᠠᠯᠵᠢᠶ᠎ᠠ ᠶᠢᠨ ᠬᠡᠮᠵᠢᠶ᠎ᠡ ᠨᠢ 500 ᠭᠠᠷᠤᠶ ᠲᠦᠮᠡᠨ ᠲᠥᠭᠦᠷᠢᠭ ᠲᠤ ᠬᠦᠷᠴᠡᠶ᠃ ᠬᠡᠰᠡᠭ ᠨᠣᠭᠤᠭ᠎ᠠ ᠵᠢᠮᠢᠰ ᠨᠢ ᠪᠠᠰᠠ ᠣᠷᠣᠰ ᠲᠤ ᠪᠣᠷᠣᠯᠠᠭᠤᠯᠬᠤ ᠪᠣᠯᠤᠨ᠎ᠠ᠃    ᠣᠶᠢᠷ᠎ᠠ ᠶᠢᠨ ᠵᠢᠯ ᠤᠳ ᠲᠤ᠂ ᠭᠠᠴᠠᠭᠠᠨ ᠤ ᠳᠦᠷᠰᠦ ᠪᠠᠶᠢᠳᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠢᠯᠠᠩᠭᠤᠶ᠎ᠠ ᠰᠡᠯᠡᠭᠦᠴᠡᠨ ᠲᠣᠭᠤᠷᠢᠬᠤ ᠲᠠᠷᠢᠶᠠᠯᠠᠩ ᠢ ᠶᠡᠬᠡᠪᠡᠷ ᠬᠥᠭᠵᠢᠭᠦᠯᠦᠭᠰᠡᠨ ᠠᠴᠠ ᠨᠠᠰᠢ᠂ ᠭᠠᠴᠠᠭ᠎ᠠ ᠵᠤᠭᠠᠴᠠᠭᠰᠠᠳ ᠤᠨ ᠲᠠᠭᠠᠰᠢᠶᠠᠯ ᠢ ᠣᠯᠤᠭᠰᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠪᠣᠯᠤᠭᠰᠠᠨ ᠪᠠᠶᠢᠨ᠎ᠠ᠃ ᠲᠠᠷᠢᠭᠰᠠᠨ ᠢᠳᠡᠰᠢᠨ ᠨᠣᠭᠤᠭ᠎ᠠ ᠭᠤᠸᠠ ᠵᠢᠮᠢᠰ ᠡᠯᠪᠡᠭ ᠪᠠᠶᠢᠵᠤ᠂ ᠡᠪᠦᠯ ᠤᠨ ᠭᠦᠵᠡᠯᠵᠡᠭᠡᠨ᠎ᠡ ᠠᠴᠠ ᠬᠠᠪᠤᠷ ᠵᠤᠨ ᠤ ᠲᠠᠷᠪᠤᠰ᠂ ᠠᠮᠲᠠᠲᠤ ᠬᠡᠮᠬᠡ ᠲᠡᠭᠦᠬᠦ ᠪᠣᠯᠲᠠᠯ᠎ᠠ ᠠᠵᠤ ᠠᠬᠤᠶ ᠨᠢ ᠳᠥᠷᠪᠡᠨ ᠤᠯᠠᠷᠢᠯ ᠲᠠᠰᠤᠷᠠᠯᠲᠠ ᠥᠬᠡᠶ ᠶᠠᠪᠤᠭᠳᠠᠵᠤ᠂ ᠲᠠᠷᠢᠶᠠᠴᠢᠳ ᠤᠨ ᠤᠭᠤᠲᠠ ᠬᠡᠩᠭᠡᠷᠭᠡ᠂ ᠠᠮᠢᠳᠤᠷᠠᠯ ᠰᠠᠶᠢᠵᠢᠷᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号