【 ᠴᠠᠭᠠᠨ ᠰᠠᠷ᠎ᠠ ᠪᠢ ᠠᠵᠢᠯᠯᠠᠵᠤ ᠪᠠᠶᠢᠨ᠎ᠠ 】 ᠪᠣᠭᠤᠮᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠄ ᠠᠵᠢᠯ ᠤᠨ ᠪᠠᠶᠢᠷᠢ ᠪᠠᠨ ᠪᠠᠲᠤ ᠰᠠᠬᠢᠵᠤ ᠬᠤᠲᠠ ᠶᠢᠨ ᠣᠷᠴᠢᠨ ᠲᠣᠭᠤᠷᠢᠨ ᠢ ᠨᠠᠩ ᠠᠷᠢᠭᠤᠨ ᠴᠡᠪᠡᠷ ᠪᠣᠯᠭᠠᠨ᠎ᠠ
ᠨᠡᠶᠢᠲᠡᠯᠡᠭᠰᠡᠨ ᠴᠠᠭ᠄
2024/2/18
   ᠴᠠᠭᠠᠨ ᠰᠠᠷ᠎ᠠ ᠶᠢᠨ ᠪᠠᠶᠠᠷ ᠤᠨ ᠡᠳᠦᠷ᠂ ᠪᠣᠭᠤᠮᠲᠠ ᠶᠢᠨ ᠵᠡᠭᠡᠯᠢ ᠭᠤᠳᠤᠮᠵᠢ ᠳᠤ ᠳ᠋ᠧᠩ ᠤᠨ ᠭᠡᠷᠡᠯ ᠳᠤᠸᠠᠯᠠᠵᠤ᠂ ᠭᠠᠵᠠᠷ ᠪᠣᠯᠭᠠᠨ ᠳᠤ ᠴᠠᠭᠠᠨ ᠰᠠᠷ᠎ᠠ ᠶᠢᠨ ᠦᠨᠦᠷ ᠬᠠᠩᠬᠤᠯᠤᠨ᠎ᠠ᠃ ᠡᠨᠡ ᠬᠦ ᠭᠡᠷ ᠬᠤᠲᠠᠯᠠᠭᠠᠷ ᠢᠶᠠᠨ ᠴᠤᠭᠯᠠᠷᠠᠬᠤ ᠴᠠᠭ ᠮᠥᠴᠡ ᠳᠤ᠂ ᠡᠶᠢᠮᠦ ᠨᠢᠭᠡ ᠪᠦᠯᠦᠭ ᠬᠥᠮᠦᠨ ᠦᠭᠡ ᠳᠠᠭᠤᠨ ᠦᠭᠡᠢ ᠪᠠᠲᠤ ᠰᠠᠬᠢᠵᠤ ᠬᠢᠴᠢᠶᠡᠩᠭᠦᠢ ᠠᠵᠢᠯᠯᠠᠵᠤ ᠪᠠᠶᠢᠨ᠎ᠠ᠂ ᠲᠡᠳᠡ ᠪᠣᠯ ᠳᠠᠷᠤᠢ ᠬᠤᠲᠠ ᠶᠢᠨ ︽ᠵᠢᠰᠦ ᠭᠤᠶᠣᠯᠠᠭᠴᠢ︾ — ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠮᠥᠨ᠃
   ᠨᠢᠭᠡ ᠬᠥᠮᠥᠨ᠂ ᠨᠢᠭᠡ ᠲᠡᠷᠭᠡ᠂ ᠨᠢᠭᠡ ᠱᠦᠭᠦᠷ ᠁ ᠪᠠᠶᠠᠷ ᠤᠨ ᠡᠳᠦᠷ ᠤᠨ ᠬᠤᠭᠤᠴᠠᠭᠠᠨ ᠳᠤ᠂ ᠬᠤᠲᠠ ᠶᠢᠨ ᠶᠡᠭᠡ ᠵᠡᠭᠡᠯᠢ ᠭᠤᠳᠤᠮᠵᠢ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠵᠦᠷᠵᠢ ᠶᠢᠨ ᠰᠢᠷ᠎ᠠ ᠥᠩᠭᠡ ᠶᠢᠨ ᠠᠵᠢᠯ ᠤᠨ ᠬᠤᠪᠴᠠᠰᠤ ᠡᠮᠦᠰᠴᠦ᠂ ᠥᠪᠡᠷ ᠥᠪᠡᠷ ᠤᠨ ᠠᠵᠢᠯᠯᠠᠬᠤ ᠭᠠᠵᠠᠷ ᠲᠠᠭᠠᠨ ᠶᠠᠭᠠᠷᠠᠯᠳᠤᠵᠤ ᠪᠠᠶᠢᠯ᠎ᠠ᠃ ᠵᠠᠷᠢᠮ ᠨᠢ ᠵᠠᠮ ᠤᠨ ᠭᠠᠳᠠᠷᠭᠤ ᠶᠢ ᠴᠡᠪᠡᠷᠯᠡᠵᠦ᠂ ᠵᠠᠷᠢᠮ ᠨᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ᠂ ᠵᠠᠷᠢᠮ ᠨᠢ ᠬᠤᠷᠠᠭᠰᠠᠨ ᠴᠠᠰᠤ ᠶᠢ ᠴᠡᠪᠡᠷᠯᠡᠵᠦ ᠪᠠᠶᠢᠨ᠎ᠠ᠃ ᠲᠡᠰᠬᠢᠮ᠎ᠠ ᠬᠦᠢᠲᠡᠨ ᠵᠡᠭᠡᠯᠢ ᠭᠤᠳᠤᠮᠵᠢ ᠪᠠᠷ ᠵᠦᠷᠵᠢ ᠶᠢᠨ ᠰᠢᠷ᠎ᠠ ᠥᠩᠭᠡ ᠶᠢᠨ ᠰᠡᠭᠦᠳᠡᠷ ᠨᠢ ᠴᠠᠭᠠᠨ ᠰᠠᠷ᠎ᠠ ᠶᠢᠨ ᠬᠠᠮᠤᠭ ᠤᠨ ᠭᠤᠶᠣ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃
  ᠳ᠋ᠦᠩ ᠴᠦᠨ ᠶᠢᠩ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠬᠢᠵᠦ ᠪᠠᠶᠢᠭ᠎ᠠ ᠨᠢ 24 ᠵᠢᠯ ᠪᠠᠶᠢᠵᠤ᠂ ᠥᠩᠭᠡᠷᠡᠭᠰᠡᠨ ᠵᠢᠯ ᠤᠳ ᠲᠠᠢ ᠠᠳᠠᠯᠢ ᠪᠠᠷ ᠡᠨᠡ ᠵᠢᠯ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠨ᠎ᠠ᠃ ᠲᠡᠷᠡ ᠭᠤᠣᠯᠳᠠᠭᠤ ᠰᠥᠨᠢᠳ ᠵᠡᠭᠡᠯᠢ ᠠᠴᠠ ᠡᠮᠦᠨᠡᠰᠢ᠂ ᠬᠡᠨᠲᠡᠢ ᠵᠡᠭᠡᠯᠢ ᠠᠴᠠ ᠬᠤᠶᠢᠰᠢ᠂ ᠪᠦᠲᠦᠭᠡᠨ ᠪᠠᠶᠢᠭᠤᠯᠤᠯᠲᠠ ᠶᠢᠨ ᠵᠠᠮ ᠠᠴᠠ ᠵᠡᠭᠦᠨᠰᠢ᠂ ᠤᠷᠤᠭᠰᠢᠯᠠᠯᠲᠠ ᠶᠢᠨ ᠵᠠᠮ ᠠᠴᠠ ᠪᠠᠷᠠᠭᠤᠨ ᠲᠡᠰᠢ ᠴᠡᠪᠡᠷᠯᠡᠬᠦ ᠠᠵᠢᠯ ᠢ ᠬᠠᠷᠢᠭᠤᠴᠠᠵᠤ᠂ ᠡᠨᠡ ᠪᠣᠯ ᠪᠠᠰᠠ ᠴᠤ ᠮᠠᠨ ᠤ ᠬᠤᠲᠠ ᠶᠢᠨ ᠬᠠᠮᠤᠭ ᠤᠨ ᠬᠥᠷ ᠬᠥᠭᠵᠢᠶᠡᠨ ᠲᠠᠢ ᠭᠠᠵᠠᠷ ᠪᠣᠯᠤᠨ᠎ᠠ᠃ ᠲᠡᠷᠡ ᠰᠤᠷᠪᠤᠯᠵᠢᠯᠠᠭᠴᠢ ᠳᠤ᠂ ᠵᠢᠯ ᠪᠦᠷᠢ ᠶᠢᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠷᠤᠭ ᠪᠦᠷ ᠴᠡᠪᠡᠷᠯᠡᠭᠡ ᠬᠢᠬᠦ ᠠᠵᠢᠯ ᠤᠨ ᠪᠠᠶᠢᠷᠢ ᠳᠡᠭᠡᠷ᠎ᠡ ᠥᠩᠭᠡᠷᠡᠭᠡᠵᠦ ᠪᠠᠶᠢᠨ᠎ᠠ᠂ ᠦᠨᠡᠨᠳᠡᠭᠡᠨ ᠠᠵᠢᠯᠯᠠᠵᠤ ᠰᠢᠨᠡᠯᠡᠬᠦ ᠨᠢ ᠪᠠᠰᠠ ᠨᠢᠭᠡ ᠵᠦᠢᠯ ᠤᠨ ᠪᠠᠶᠠᠷ ᠪᠠᠶᠠᠰᠤᠯ ᠪᠣᠯᠣᠨ᠎ᠠ ᠭᠡᠵᠦ ᠬᠡᠯᠡᠪᠡ᠃    ᠨᠢᠭᠡ ᠱᠦᠭᠦᠷ᠂ ᠨᠢᠭᠡ ᠬᠤᠭ ᠨᠣᠪᠱᠢ ᠶᠢ ᠴᠡᠪᠡᠷᠯᠡᠨ ᠵᠥᠭᠡᠭᠡᠪᠦᠷᠢᠯᠡᠬᠦ ᠲᠡᠷᠭᠡ᠂ ᠠᠵᠢᠯᠴᠢ ᠬᠢᠴᠢᠶᠡᠩᠭᠦᠢ ᠪᠠᠷ ᠠᠵᠢᠯᠯᠠᠵᠤ᠂ ᠬᠥᠯᠥᠷ ᠬᠥᠯᠥᠰᠥ ᠪᠠᠷ ᠢᠶᠠᠨ ᠬᠤᠲᠠ ᠶᠢᠨ ᠥᠨᠴᠥᠭ ᠪᠦᠷᠢ ᠶᠢ ᠭᠢᠯᠠᠯᠵᠠᠭᠤᠯᠤᠨ᠎ᠠ᠃ ᠳ᠋ᠦᠩ ᠴᠦᠨ ᠶᠢᠩ ᠤᠷᠢᠳ ᠬᠤᠵᠢᠳ ᠬᠤᠲᠠ ᠶᠢᠨ ᠱᠠᠲᠤᠨ ᠤ ︽ᠬᠠᠮᠤᠭ ᠤᠨ ᠭᠤᠶᠣ ᠡᠷᠢᠶᠡᠨ ᠬᠥᠮᠦᠨ︾᠂ ︽ᠬᠠᠮᠤᠭ ᠤᠨ ᠭᠤᠶᠣ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ︾᠂ ᠠᠶᠢᠮᠠᠭ ᠤᠨ ᠱᠠᠲᠤᠨ ᠤ ︽ᠬᠠᠮᠤᠭ ᠤᠨ ᠭᠤᠶᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠨ︾ ᠵᠢᠴᠢ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠵᠡᠷᠭᠡ ᠢᠷᠠᠭᠤ ᠠᠯᠳᠠᠷ ᠢ ᠬᠦᠷᠲᠡᠪᠡ᠃    ᠳ᠋ᠦᠩ ᠴᠦᠨ ᠶᠢᠩ᠄ ︽ᠮᠠᠨ ᠤ ᠴᠠᠭᠠᠨ ᠰᠠᠷ᠎ᠠ ᠠᠮᠠᠷᠠᠭ᠎ᠠ ᠥᠬᠡᠶ᠂ ᠬᠡᠳᠦ᠋ᠢᠪᠡᠷ ᠨᠡᠯᠢᠶᠡᠳ ᠵᠦᠳᠡᠷᠡᠯᠲᠡᠶ ᠰᠠᠨᠠᠭᠳᠠᠵᠤ ᠪᠠᠶᠢᠪᠠᠴᠦ᠂ ᠬᠤᠲᠠ ᠶᠢᠨ ᠣᠷᠴᠢᠨ ᠲᠣᠭᠤᠷᠢᠨ ᠨᠠᠩ ᠠᠷᠢᠭᠤᠨ ᠴᠡᠪᠡᠷ ᠪᠠᠶᠢᠯᠭᠠᠬᠤ ᠶᠢᠨ ᠲᠥᠯᠥᠭᠡ ᠵᠣᠷᠢᠭ ᠲᠠᠢ ᠪᠠᠶᠢᠨ᠎ᠠ︾ ᠭᠡᠵᠦ ᠬᠡᠯᠡᠪᠡ᠃ 2024 ᠣᠨ ᠳᠤ᠂ ᠪᠢ ᠨᠠᠩ ᠴᠢᠷᠮᠠᠶᠢᠨ ᠠᠵᠢᠯᠯᠠᠵᠤ᠂ ᠮᠠᠨ ᠤ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠠᠩ ᠰᠠᠶᠢᠲᠤᠷ ᠬᠢᠵᠦ᠂ ᠡᠷᠢᠶᠡᠨ ᠬᠤᠲᠠ ᠶᠢᠨ ᠵᠡᠭᠡᠯᠢ ᠭᠤᠳᠤᠮᠵᠢ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠵᠤ᠂ ᠣᠯᠠᠨ ᠤ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠨ᠎ᠠ᠃    ᠶᠠᠭᠠᠷᠠᠯᠲᠠᠢ ᠪᠠᠷ᠎ᠠ ᠨᠢ ᠵᠦᠷᠵᠢ ᠶᠢᠨ ᠰᠢᠷ᠎ᠠ ᠥᠩᠭᠡ ᠪᠠᠷ ᠳᠦᠭᠦᠷᠴᠦ᠂ ᠪᠠᠶᠠᠷ ᠳᠤᠷᠠᠰᠬᠠᠯ ᠤᠨ ᠭᠤᠳᠤᠮᠵᠢᠨ ᠤ ᠬᠠᠮᠤᠭ ᠤᠨ ᠭᠤᠶᠣ ᠦᠵᠡᠮᠵᠢ ᠪᠣᠯᠤᠭᠰᠠᠨ ᠪᠠᠶᠢᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠨ ᠤ ᠤᠷᠤᠰᠬᠠᠯ ᠶᠡᠭᠡ᠂ ᠠᠮᠢᠳᠤᠷᠠᠯ ᠤᠨ ᠬᠤᠭ ᠨᠣᠪᠰᠢ ᠴᠤ ᠵᠣᠬᠢᠴᠠᠩᠭᠤᠶ ᠪᠠᠷ ᠨᠡᠮᠡᠭᠳᠡᠪᠡ᠃ ᠠᠳᠡ ᠪᠢᠳᠡ ᠪᠠᠰᠠ ᠥᠷᠭᠡᠨ ᠣᠯᠠᠨ ᠬᠤᠲᠠ ᠶᠢᠨ ᠠᠷᠠᠳ ᠤᠨ ᠬᠤᠲᠠ ᠶᠢᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠬᠦᠨᠳᠦᠳᠬᠡᠭᠦᠰᠢᠲᠡᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠥᠮᠦᠨ ᠢ ᠬᠠᠶᠢᠷᠠᠯᠠᠨ ᠬᠠᠯᠠᠮᠵᠢᠯᠠᠵᠤ᠂ ᠪᠢᠳᠡ ᠬᠠᠮᠲᠤ ᠪᠠᠷ ᠪᠣᠳᠠᠲᠤ ᠠᠵᠢᠯᠯᠠᠭ᠎ᠠ ᠪᠠᠷ ᠢᠶᠠᠨ ᠬᠤᠳᠠ ᠶᠢᠨ ᠠᠷᠢᠭᠤᠨ ᠴᠡᠪᠡᠷ ᠰᠠᠶᠢᠬᠠᠨ ᠪᠠᠶᠢᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠤᠷᠢᠶᠠᠯᠠᠵᠤ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号