ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠠᠳᠠᠭᠠᠳᠤ ᠶᠢᠨ ᠬᠠᠷᠢᠶᠠᠲᠤ ᠬᠥᠮᠦᠰ ᠤᠨ ᠳᠤᠮᠳᠠᠳᠤ ᠤᠯᠤᠰ ᠲᠤ ᠠᠶᠢᠯᠴᠢᠯᠠᠬᠤ ᠪᠥᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/2/18
  ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠯᠠᠮᠰᠢᠯ᠂    ᠪᠠᠷᠠᠭ᠎ᠠ ᠬᠤᠳᠠᠯᠳᠤᠨ ᠠᠪᠬᠤ ᠠᠬᠢᠴᠠ ᠦᠷᠭᠦᠯᠵᠢᠯᠡᠨ ᠳᠡᠭᠡᠭᠰᠢᠯᠡᠪᠡ᠃    ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ 2024 ᠣᠨ ᠤ 1 ᠰᠠᠷ᠎ᠠ ᠠᠴᠠ ᠤᠳᠤ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ ᠨᠢᠭᠡᠨᠲᠡ 21 ᠲᠦᠮᠡ ᠭᠠᠷᠤᠢ ᠬᠥᠮᠦᠨ ᠤᠳᠠᠭ᠎ᠠ ᠶᠢ ᠳᠠᠪᠠᠵᠠᠢ᠃    ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠭᠠᠳᠠᠭᠠᠳᠤ ᠶᠢᠨ ᠬᠠᠷᠢᠶᠠᠲᠤ ᠬᠥᠮᠦᠰ ᠤᠨ ᠳᠤᠮᠳᠠᠳᠤ ᠤᠯᠤᠰ ᠲᠤ ᠢᠷᠡᠬᠦ ᠳᠤ ᠲᠥᠬᠦᠮ ᠦᠵᠡᠭᠦᠯᠬᠦ 5 ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠠᠷᠢᠶᠠᠲᠤ ᠬᠥᠮᠦᠰ ᠤᠨ ᠳᠤᠮᠳᠠᠳᠤ ᠤᠯᠤᠰ ᠲᠤ ᠢᠷᠡᠬᠦ ᠪᠥᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠤᠨ ᠣᠷᠭᠢᠯ ᠢ ᠢᠳᠡᠪᠬᠢᠲᠡᠶ ᠠᠷᠭᠠᠴᠠᠭᠠᠬᠤ ᠶᠢᠨ ᠳᠣᠯᠠᠳᠠ᠂ ᠣᠶᠢᠷ᠎ᠠ ᠶᠢᠨ ᠡᠳᠦᠷ ᠤᠳ ᠲᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠶᠢᠨ ᠪᠣᠭᠤᠮᠲᠠ ᠶᠢᠨ ᠸᠢᠰᠠ ᠶᠢᠨ ᠴᠣᠩᠬᠤ ᠪᠠᠷ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠭᠠᠳᠠᠭᠠᠳᠤ ᠶᠢᠨ ᠬᠠᠷᠢᠶᠠᠲᠤ ᠠᠶᠠᠨᠴᠢᠳ ᠢ ᠬᠥᠲᠥᠯᠦᠨ ᠵᠢᠯᠣᠭᠤᠳᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠵᠦ᠂ ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠦᠨᠡᠮᠯᠡᠯ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠷᠠᠭᠠᠴᠢ ᠶᠢᠨ ᠮᠥᠷᠳᠡᠯᠲᠡ ᠬᠠᠮᠢᠶᠠᠷᠤᠯᠲᠠ ᠶᠢ ᠴᠢᠩᠭᠠᠳᠬᠠᠵᠤ᠂ ᠠᠶᠠᠨᠴᠢᠳ ᠤᠨ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃     ᠡᠨᠡ ᠵᠢᠯ ᠠᠴᠠ ᠨᠠᠰᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠠᠷᠢᠶᠠᠲᠤ ᠬᠥᠮᠦᠰ ᠤᠨ ᠪᠣᠭᠤᠮᠲᠠ ᠶᠢᠨ ᠸᠢᠰᠠᠯᠠᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠶᠢᠨ ᠬᠠᠷᠢᠶᠠᠲᠤ ᠬᠥᠮᠦᠰ ᠤᠨ ᠸᠢᠰᠠᠯᠠᠬᠤ ᠦᠨᠡᠮᠯᠡᠯ ᠢ ᠭᠤᠶᠤᠴᠢᠯᠠᠨ ᠡᠷᠬᠢᠯᠡᠬᠦ ᠮᠠᠲ᠋ᠧᠷᠢᠶᠠᠯ ᠢ ᠳᠥᠭᠦᠮᠴᠢᠯᠡᠪᠡ᠃ ︽ᠲᠦᠷᠭᠡᠨ ᠤᠷᠢᠳᠴᠢᠯᠠᠨ ᠬᠦᠷᠲᠡᠬᠦ︾᠂ ︽ᠴᠢᠩᠭ᠎ᠠ ᠬᠢᠨᠠᠨ ᠲᠦᠷᠭᠡᠨ ᠲᠣᠭᠲᠠᠭᠠᠬᠤ︾᠂ ︽ᠪᠠᠶᠢᠭᠤᠯᠬᠤ ᠵᠡᠷᠭᠡ ᠪᠠᠷ ᠠᠪᠴᠤ ᠪᠣᠯᠬᠤ︾ ᠵᠡᠷᠭᠡ ᠠᠷᠠᠳ ᠲᠤ ᠳᠥᠭᠦᠮ ᠦᠵᠡᠭᠦᠯᠬᠦ ᠠᠵᠢᠯ ᠤᠨ ᠠᠷᠭ᠎ᠠ ᠬᠡᠮᠵᠢᠶ᠎ᠡ ᠶᠢ ᠠᠪᠴᠤ᠂ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠤᠳᠠᠯᠳᠤᠭᠠᠨ ᠤ ᠬᠥᠮᠦᠰ᠂ ᠭᠠᠳᠠᠭᠠᠳᠤ ᠶᠢᠨ ᠬᠠᠷᠢᠶ᠎ᠠ ᠶᠢᠨ ᠳᠡᠭᠡᠳᠦ ᠲᠠᠰ ᠤᠨ ᠴᠢᠳᠠᠪᠤᠷᠢᠲᠠᠨ᠂ ᠪᠠᠷᠠᠭ᠎ᠠ ᠬᠤᠳᠠᠯᠳᠤᠨ ᠠᠪᠬᠤ ᠵᠢᠴᠢ ᠬᠢᠯᠢ ᠪᠠᠷ ᠣᠷᠣᠵᠤ ᠢᠷᠡᠵᠦ ᠣᠬᠤᠷ ᠬᠤᠭᠤᠴᠠᠭᠠᠨ ᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠭᠠᠳᠠᠭᠠᠳᠤ ᠶᠢᠨ ᠬᠥᠮᠦᠨ ᠳᠤ ᠪᠣᠭᠤᠮᠲᠠ ᠶᠢᠨ ᠸᠢᠰᠠ ᠶᠢᠨ ᠳᠥᠭᠦᠮ ᠦᠵᠡᠭᠦᠯᠦᠨ᠎ᠡ᠃ ᠡᠭᠦᠨ ᠤ ᠬᠠᠮᠲᠤ᠂ ᠬᠢᠯᠢ ᠪᠠᠷ ᠣᠷᠣᠵᠤ ᠭᠠᠷᠬᠤ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠪᠠᠷ ᠳᠠᠮᠵᠢᠭᠤᠯᠤᠨ᠂ ᠪᠣᠭᠤᠮᠲᠠ ᠶᠢᠨ ᠸᠢᠰᠠ ᠶᠢ ᠰᠣᠯᠢᠵᠤ ᠣᠯᠭᠤᠬᠤ ᠨᠥᠬᠦᠵᠦ ᠲᠠᠷᠬᠠᠭᠠᠬᠤ᠂ ᠠᠵᠢᠯᠯᠠᠵᠤ ᠣᠷᠣᠰᠢᠨ ᠰᠠᠭᠤᠬᠤ ᠵᠥᠪᠰᠢᠶᠡᠷᠡᠯ ᠢ ᠭᠦᠢᠴᠡᠳᠭᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠵᠣᠬᠢᠴᠠᠭᠤᠯᠤᠨ ᠨᠡᠶᠢᠯᠡᠭᠦᠯᠵᠦ᠂ ᠭᠠᠳᠠᠭᠠᠳᠤ ᠶᠢᠨ ᠬᠠᠷᠢᠶᠠᠲᠤ ᠬᠥᠮᠦᠰ ᠤᠨ ᠳᠤᠮᠳᠠᠳᠤ ᠤᠯᠤᠰ ᠲᠤ ᠢᠷᠡᠬᠦ ᠪᠥᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠣᠯᠢᠯᠴᠠᠭ᠎ᠠ ᠵᠢᠴᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠢᠳᠡᠪᠬᠢᠲᠡᠶ ᠠᠬᠢᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠤᠳᠠᠯᠳᠤᠭ᠎ᠠ᠂ ᠰᠤᠷᠤᠯᠴᠠᠯᠭ᠎ᠠ᠂ ᠵᠢᠭᠤᠯᠴᠢᠯᠠᠯ ᠤᠨ ᠬᠤᠷᠢᠭ᠎ᠠ ᠴᠡᠭ ᠢ ᠦᠷᠭᠦᠯᠵᠢᠯᠡᠨ ᠰᠢᠢᠳᠪᠦᠷᠢᠯᠡᠵᠦ᠂ ᠪᠠᠶᠠᠷ ᠤᠨ ᠡᠳᠦᠷ ᠤᠨ ᠡᠮᠦᠨ᠎ᠡ ᠬᠤᠶᠢᠨᠠᠬᠢ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠤᠨ ᠤᠷᠬᠢᠯ ᠢ ᠢᠳᠡᠪᠬᠢᠲᠡᠶ ᠠᠷᠭᠠᠴᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号