【 ᠴᠠᠭᠠᠨ ᠰᠠᠷ᠎ᠠ ᠶᠢᠨ ᠲᠣᠬᠤᠨᠢᠭᠤᠯᠭ᠎ᠠ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ 】 ᠸᠠᠩ ᠰᠠᠨ ᠱᠢ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/2
  2 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠠᠬᠢᠷ ᠬᠦᠢᠲᠡᠨ ᠢ ᠬᠠᠶᠢᠬᠤᠷᠤᠯ ᠦᠭᠡᠢ ᠪᠠᠷ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ᠂ ᠴᠡᠷᠢᠭ ᠠᠴᠠ ᠬᠠᠯᠠᠭᠳᠠᠭᠰᠠᠳ᠂ ᠬᠦᠴᠢᠷᠳᠡᠯᠲᠡᠶ ᠵᠡᠮᠳᠡᠭᠴᠦᠳ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠨᠠᠰᠤᠲᠠᠶᠢᠴᠤᠳ ᠵᠡᠷᠭᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ ᠬᠤᠳᠠ ᠶᠢᠨ ᠤᠳᠤᠷᠢᠳᠤᠯᠭ᠎ᠠ ᠵᠠᠩ ᠯᠢ ᠴᠧᠩ᠂ ᠳ᠋ᠦᠩ ᠵᠢᠶᠧ ᠹᠧᠩ ᠠᠵᠢᠯᠯᠠᠭ᠎ᠠ ᠳᠤ ᠣᠷᠣᠯᠴᠠᠪᠠ᠃
   ᠸᠠᠩ ᠰᠠᠨ ᠱᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠬᠢᠯᠢ ᠶᠢᠨ ᠬᠠᠮᠠᠭᠠᠯᠠᠯᠲᠠ ᠶᠢᠨ ᠨᠢᠭᠡᠨ ᠵᠢᠭᠤᠯᠴᠢᠯᠠᠯ ᠢ ᠲᠣᠬᠤᠨᠢᠭᠤᠯᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠣᠷᠳᠣ ᠬᠤᠭᠤᠴᠠᠭᠠᠨ ᠤ ᠲᠤᠷᠰᠢ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠮᠳᠠ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠰᠢᠨ᠎ᠡ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠡᠷᠢᠭ ᠠᠩᠭᠢ ᠶᠢᠨ ᠡᠯ᠎ᠡ ᠵᠦᠢᠯ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠴᠡᠷᠢᠭ ᠢᠶᠠᠨ ᠬᠦᠷᠢᠶᠡᠯᠡᠨ ᠬᠠᠷᠠᠭᠠᠯᠵᠠᠨ ᠲᠥᠪᠬᠢᠨᠡᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠨ ᠬᠥᠭᠵᠢᠬᠦ ᠰᠢᠨ᠎ᠡ ᠬᠠᠭᠤᠳᠠᠰᠤ ᠶᠢ ᠪᠢᠴᠢᠭᠯᠡᠨ᠎ᠡ᠃
   ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠬᠤᠤ ᠫᠸᠢ ᠵᠦᠩ ᠤᠨ ᠭᠡᠷ ᠲᠤ᠂ ᠸᠠᠩ ᠰᠠᠨ ᠱᠢ ᠠᠬᠠᠮᠠᠳ ᠨᠥᠬᠦᠳ ᠲᠠᠢ ᠵᠣᠭᠤᠭ ᠳᠡᠯᠭᠡᠵᠦ᠂ ᠥᠩᠭᠡᠷᠡᠭᠰᠡᠨ ᠨᠢᠭᠡ ᠵᠢᠯ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠮᠡᠳᠡᠭᠳᠡᠪᠡ᠃ ᠪᠥᠬᠦ ᠬᠤᠲᠠ ᠶᠢᠨ ᠠᠬᠠᠮᠠᠳ ᠺᠠᠳ᠋ᠷᠴᠤᠳ ᠪᠡᠶ᠎ᠡ ᠮᠠᠬᠠᠪᠣᠳ ᠤᠨ ᠡᠷᠡᠭᠦᠯ ᠮᠡᠨᠳᠦ ᠪᠠᠨ ᠴᠢᠬᠤᠯᠠᠴᠢᠯᠠᠬᠤ ᠶᠢᠨ ᠬᠠᠮᠲᠤ᠂ ᠲᠤᠷᠰᠢᠯᠭ᠎ᠠ ᠪᠠᠶᠠᠯᠢᠭ᠂ ᠣᠯᠠᠨ ᠲᠦᠮᠡᠨ ᠤ ᠳᠤᠮᠳᠠ ᠭᠦᠨᠵᠡᠭᠡᠶᠢᠷᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠢᠯᠡᠭᠦᠬᠡᠨ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠣᠳᠣᠯᠭ᠎ᠠ ᠭᠠᠷᠭᠠᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃    ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ ᠲᠤ᠂ ᠸᠠᠩ ᠰᠠᠨ ᠱᠢ ᠨᠠᠰᠤᠲᠠᠶᠢᠴᠤᠳ ᠤᠨ ᠣᠷᠣᠨ ᠰᠠᠭᠤᠴᠠ᠂ ᠠᠮᠢᠳᠤᠷᠠᠯ ᠤᠨ ᠨᠥᠬᠦᠴᠡᠯ ᠵᠡᠷᠭᠡ ᠶᠢ ᠪᠠᠶᠢᠴᠠᠭᠠᠨ ᠦᠵᠡᠵᠦ᠂ ᠠᠵᠢᠯᠲᠠᠳ ᠲᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠰᠤᠲᠠᠶᠢᠴᠤᠳ ᠤᠨ ᠠᠮᠢᠳᠤᠷᠠᠯ ᠢ ᠰᠠᠶᠢᠲᠤᠷ ᠬᠠᠷᠠᠭᠠᠯᠵᠠᠵᠤ᠂ ᠠᠮᠤᠷ ᠲᠦᠪᠰᠢᠨ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠠᠰᠤᠲᠠᠶᠢᠴᠤᠳ ᠢ ᠣᠷᠣᠨ ᠰᠠᠭᠤᠴᠠ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠠᠮᠤᠷ ᠲᠦᠪᠰᠢᠨ ᠪᠣᠯᠭᠠᠬᠤ ᠬᠡᠷᠡᠭᠲᠡᠢ ᠭᠡᠵᠦ ᠵᠠᠬᠢᠪᠠ᠃
   ᠶᠠᠳᠠᠭᠤ ᠬᠦᠴᠢᠷᠳᠡᠯᠲᠡᠢ ᠤᠯᠠᠨ ᠲᠦᠮᠡᠨ ᠭᠧ ᠹᠦ᠋ ᠵᠢᠶᠠ ᠪᠣᠯᠤᠨ ᠯᠢᠦ ᠰᠢᠨ ᠤ ᠭᠡᠷ ᠲᠤ᠂ ᠸᠠᠩ ᠰᠠᠨ ᠱᠢ ᠳᠡᠳᠡᠨ ᠤ ᠠᠮᠢᠳᠤᠷᠠᠯ ᠤᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠢᠳᠡᠪᠬᠢᠲᠡᠢ ᠠᠮᠢᠳᠤᠷᠠᠯ ᠤᠨ ᠣᠪᠣᠷ ᠲᠠᠢ ᠪᠠᠶᠢᠬᠤ ᠶᠢ ᠵᠣᠷᠢᠭᠵᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ᠂ ᠠᠮᠢᠳᠤᠷᠠᠯ ᠶᠠᠪᠤᠬᠤ ᠲᠤᠳᠤᠮ ᠰᠠᠶᠢᠵᠢᠷᠠᠬᠤ ᠶᠢ ᠢᠲᠡᠭᠡᠵᠦ ᠪᠠᠶᠢᠯ᠎ᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠲᠡᠳᠡᠨ ᠢ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠠᠬᠢᠪᠠ᠃
  ᠡᠨᠡ ᠬᠤᠭᠤᠴᠠᠭᠠᠨ ᠳᠤ᠂ ᠸᠠᠩ ᠰᠠᠨ ᠱᠢ ᠨᠠᠷ ᠪᠠᠰᠠ ᠴᠡᠷᠢᠭ ᠠᠴᠠ ᠬᠠᠯᠠᠭᠳᠠᠭᠰᠠᠳ ᠴᠧᠨ ᠴᠢᠤᠸᠠᠨ ᠴᠧᠩ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠴᠡᠯᠡᠭᠡᠷ ᠵᠡᠷᠭᠡ ᠶᠢ ᠲᠣᠬᠤᠨᠢᠭᠤᠯᠵᠠᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号