【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠪᠢᠷ ᠪᠡᠬᠡᠰ ᠤᠨ ᠦᠨᠦᠷ ᠬᠠᠩᠬᠤᠯᠵᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠨᠡᠶᠢᠭᠡᠮ ᠲᠣᠭᠤᠷᠢᠭ ᠢ ᠬᠦᠨᠵᠡᠭᠡᠶᠢᠷᠡᠪᠡ
ᠨᠡᠶᠢᠲᠡᠯᠡᠭᠰᠡᠨ ᠴᠠᠭ᠄
2024/2/2
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠳᠣᠯᠠᠳᠠ᠂ 2 ᠰᠠᠷ᠎ᠠ ᠶᠢᠨ 1 ᠤ ᠡᠳᠦᠷ᠂ ᠬᠤᠲᠠ ᠶᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠡᠰᠡᠭ ᠰᠤᠷᠤᠭᠴᠢᠳ ᠰᠢᠯᠢᠨ ᠨᠡᠶᠢᠭᠡᠮ ᠲᠣᠭᠤᠷᠢᠭ ᠲᠤ ᠬᠦᠷᠴᠦ ︽ᠮᠠᠨ ᠤ ᠪᠠᠶᠠᠷ ᠤᠨ ᠡᠳᠦᠷ · ᠴᠠᠭᠠᠨ ᠰᠠᠷ᠎ᠠ︾ ᠶᠢᠨ ᠤᠯᠠᠭᠠᠨ ᠪᠥᠴᠡᠲᠡᠨ ᠤ ᠠᠮᠠᠷᠠᠯᠲᠠ ᠶᠢᠨ ᠬᠤᠭᠤᠴᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠢᠴᠢᠬᠠᠨ ᠤᠷᠠᠨ ᠪᠢᠴᠢᠯᠭᠡ ᠶᠢᠨ ᠪᠠᠭ᠋ᠠᠲᠠᠳ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠳ ᠤᠨ ᠵᠢᠯᠤᠭᠤᠳᠤᠯᠭ᠎ᠠ ᠳᠣᠣᠷ᠎ᠠ ᠬᠤᠣᠰ ᠤᠶᠠᠩᠭ᠎ᠠ ᠪᠢᠴᠢᠪᠡ᠃ ᠣᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠥᠪᠡᠷᠮᠢᠴᠡ ᠣᠨᠴᠠᠯᠢᠭ ᠲᠠᠢ ᠤᠷᠠᠨ ᠪᠢᠴᠢᠯᠭᠡ ᠶᠢᠨ ᠦᠰᠦᠭ ᠤᠳ ᠴᠠᠭᠠᠰᠤᠨ ᠳᠡᠭᠡᠷ᠎ᠡ ᠭᠢᠯᠠᠯᠵᠠᠵᠤ᠂ ᠥᠯᠵᠡᠢ ᠪᠡᠯᠭᠡ ᠲᠠᠢ ᠲᠣᠮᠣ ᠤᠯᠠᠭᠠᠨ ᠴᠠᠭᠠᠨ ᠰᠠᠷ᠎ᠠ ᠶᠢᠨ ᠬᠤᠣᠰ ᠤᠶᠠᠩᠭ᠎ᠠ ᠳᠤ ᠭᠦᠨ ᠵᠤᠵᠠᠭᠠᠨ ᠪᠡᠭᠡ ᠶᠢᠨ ᠦᠨᠦᠷ ᠬᠠᠩᠬᠤᠯᠵᠤ᠂ ᠴᠢᠩ ᠦᠨᠡᠨᠴᠢ ᠢᠷᠥᠭᠡᠯ ᠢᠶᠠᠷ ᠪᠢᠯᠬᠠᠭᠰᠠᠨ  ︽ᠪᠤᠶᠠᠨ︾ ᠦᠰᠦᠭ  ᠳᠣᠳᠣᠷᠠᠨ᠎ᠠ᠃   ᠤᠳᠠᠯ ᠦᠭᠡᠢ ᠨᠢᠭᠡ ᠬᠠᠭᠤᠳᠠᠰᠤ ᠤᠷᠠᠨ ᠳᠦᠷᠰᠦᠯᠢᠭ᠂ ᠠᠮᠢᠳᠤᠯᠢᠭ ᠰᠠᠶᠢᠬᠠᠨ ᠴᠣᠩᠬᠤᠨ ᠴᠡᠴᠡᠭ ᠨᠢ ᠨᠢᠭᠡ ᠬᠤᠤᠰ ᠵᠢᠵᠢᠭ ᠭᠠᠷ ᠤᠨ ᠵᠣᠬᠢᠶᠠᠨ ᠪᠦᠲᠦᠭᠡᠯᠭᠡ ᠪᠠᠷ ᠰᠢᠨ᠎ᠡ ᠰᠣᠷᠭᠤᠭ ᠭᠠᠷᠤᠭ᠎ᠠ ᠲᠠᠢ᠃ ᠵᠢᠵᠢᠭᠬᠡᠨ ᠴᠣᠩᠬᠤᠨ ᠴᠡᠴᠡᠭ ᠨᠢ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠬᠠᠶᠢᠴᠢᠯᠠᠨ ᠭᠠᠷᠭᠠᠭᠰᠠᠨ ᠮᠥᠷᠲᠡᠭᠡᠨ ᠪᠠᠰᠠ ︽ᠪᠠᠰᠠ ᠨᠢᠭᠡ ᠵᠢᠯ ᠤᠨ ᠬᠠᠪᠤᠷ ᠢᠷᠡᠬᠦ︾ ᠪᠠᠶᠠᠷ ᠤᠨ ᠡᠳᠦᠷ ᠤᠨ ᠪᠠᠶᠠᠷ ᠪᠠᠶᠠᠰᠤᠯ ᠢ ᠬᠠᠶᠢᠴᠢᠯᠠᠪᠠ᠃     ᠳᠠᠷᠠᠭ᠎ᠠ ᠨᠢ ᠪᠠᠭᠰᠢ ᠶᠢᠨ ᠳᠠᠭᠠᠭᠤᠯᠭ᠎ᠠ ᠳᠣᠤᠷ᠎ᠠ᠂ ᠰᠤᠷᠤᠭᠴᠢᠳ ᠪᠠᠰᠠ ᠥᠪᠡᠷ ᠤᠨ ᠪᠢᠴᠢᠭᠰᠡᠨ ᠬᠤᠣᠰ ᠤᠶᠠᠩᠭ᠎ᠠ᠂ ᠬᠠᠶᠢᠴᠢᠯᠠᠭᠰᠠᠨ ᠴᠣᠩᠬᠤᠨ ᠤ ᠴᠡᠴᠡᠭ ᠢᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠷ ᠲᠤ ᠬᠦᠷᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号