ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠠᠸᠠᠷ ᠤᠨ ᠬᠤᠶᠠᠳᠤᠭᠠᠷ ᠵᠡᠷᠭᠡᠯᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠡᠬᠢᠯᠡᠪᠡ
ᠨᠡᠶᠢᠲᠡᠯᠡᠭᠰᠡᠨ ᠴᠠᠭ᠄
2024/2/2
  2 ᠰᠠᠷ᠎ᠠ ᠶᠢᠨ 1 ᠤ ᠡᠳᠦᠷ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠠᠸᠠᠷ ᠤᠨ ᠬᠤᠶᠠᠳᠤᠭᠠᠷ ᠵᠡᠷᠭᠡᠯᠡᠯ ᠤᠨ ᠵᠠᠬ᠎ᠠ ᠳᠡᠯᠭᠡᠭᠦᠷ ᠤᠨ ᠡᠬᠢᠯᠡᠯᠲᠡ ᠶᠢᠨ ᠶᠣᠰᠣᠯᠠᠯ ᠮᠣᠩᠭᠤᠯ ᠬᠤᠳᠠᠯᠳᠤᠭᠠᠨ ᠤ ᠬᠤᠲᠠ ᠶᠢᠨ B ᠰᠠᠭᠤᠳᠠᠯ ᠳᠤ ᠶᠠᠪᠤᠭᠳᠠᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠶᠣᠰᠣᠯᠠᠯ ᠳᠤ ᠣᠷᠣᠯᠴᠠᠭᠰᠠᠨ ᠪᠥᠭᠡᠳ ᠬᠤᠶᠠᠳᠤᠭᠠᠷ ᠵᠡᠷᠭᠡᠯᠡᠯ ᠤᠨ ᠵᠠᠬ᠎ᠠ ᠳᠡᠯᠭᠡᠭᠦᠷ ᠤᠨ ᠡᠬᠢᠯᠡᠯᠲᠡ ᠶᠢ ᠨᠡᠶᠢᠲᠡᠯᠡᠪᠡ︔ ᠮᠣᠩᠭᠤᠯ ᠤᠯᠤᠰ ᠤᠨ ᠡᠷᠢᠶᠡᠨ ᠬᠤᠲᠠ ᠳᠤ ᠰᠠᠭᠤᠭ᠎ᠠ ᠺᠤᠨᠰᠦ᠋ᠯ ᠤᠨ ᠭᠠᠵᠠᠷ ᠤᠨ ᠺᠤᠨᠰᠦ᠋ᠯ ᠮᠦᠩᠬᠡᠬᠡᠷᠡᠯ ᠵᠡᠷᠭᠡ ᠮᠣᠩᠭᠤᠯ ᠤᠯᠤᠰ ᠤᠨ ᠬᠦᠨᠳᠦᠲᠦ ᠵᠣᠴᠢᠨ ᠵᠢᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠢᠶᠡᠨ ᠬᠤᠲᠠ ᠶᠢᠨ ᠬᠤᠯᠪᠣᠭᠳᠠᠯ ᠪᠦᠬᠦᠢ ᠬᠥᠮᠥᠰ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
   ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ    ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠠᠸᠠᠷ ᠤᠨ ᠬᠤᠶᠠᠳᠤᠭᠠᠷ ᠵᠡᠷᠭᠡᠯᠡᠯ ᠤᠨ ᠵᠠᠬ᠎ᠠ ᠳᠡᠯᠭᠡᠭᠦᠷ ᠪᠣᠯ ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠬᠢᠬᠦ ᠬᠠᠮᠲᠤᠷᠠᠯᠴᠠᠭ᠎ᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠭᠤᠤᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠤᠨ᠎ᠠ᠃ ᠲᠣᠰ ᠲᠥᠷᠥᠯ ᠵᠦᠢᠯ ᠨᠢ 2500 ᠲᠡᠭᠰᠢ ᠳᠥᠷᠪᠡᠯᠵᠢᠨ ᠮᠧᠲᠷ ᠭᠠᠵᠠᠷ ᠢ ᠡᠵᠡᠯᠡᠵᠦ᠂ ᠢᠳᠡᠭᠡᠨ᠂ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠬᠦᠨ᠂ ᠵᠠᠰᠠᠯ ᠴᠢᠮᠡᠭ᠂ ᠡᠳᠦᠷ ᠲᠤᠲᠤᠮ ᠤᠨ ᠬᠡᠷᠡᠭᠰᠡᠯ ᠵᠡᠷᠭᠡ ᠲᠠᠸᠠᠷ ᠢ ᠡᠵᠡᠩᠨᠡᠵᠦ᠂ ᠮᠣᠩᠭᠤᠯ ᠤᠯᠤᠰ ᠤᠨ 30 ᠭᠠᠷᠤᠶ ᠦᠢᠯᠡᠳᠪᠦᠷᠢ ᠶᠢᠨ ᠨᠡᠷᠡᠲᠦ ᠲᠡᠮᠳᠡᠭᠲᠦ ᠶᠢᠨ ᠳᠡᠯᠭᠡᠭᠦᠷ ᠤᠨ ᠪᠦᠲᠦᠭᠡᠭᠳᠡᠬᠦᠨ ᠢ ᠪᠠᠭᠲᠠᠭᠠᠵᠠᠢ᠃ ᠲᠥᠷᠥᠯ ᠵᠦᠢᠯ ᠨᠢ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠲᠠᠸᠠᠷ ᠤᠨ ᠠᠷᠠᠯᠵᠢᠶᠠᠨ ᠤ ᠦᠵᠡᠭᠦᠯᠦᠯᠭᠡ᠂ ᠪᠣᠳᠠᠲᠠᠶ ᠡᠳ᠋ᠰᠢᠭᠦᠯᠬᠦ᠂ ᠭᠠᠳᠠᠭᠠᠳᠤ ᠭᠠᠷᠭᠠᠯᠲᠠ ᠶᠢ ᠨᠡᠶᠢᠯᠡᠭᠦᠯᠬᠦ᠂ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ ᠬᠤᠳᠠᠯᠳᠤᠭᠠᠨ ᠤ ᠶᠠᠪᠤᠳᠠᠯ ᠤᠨ ᠢᠵᠢ ᠪᠦᠷᠢᠳᠦᠭᠦᠯᠬᠦ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠲᠤᠰᠬᠠᠶᠢᠵᠢᠭᠰᠠᠨ᠂ ᠵᠢᠷᠤᠮᠵᠢᠭᠰᠠᠨ ᠬᠢᠯᠢ ᠶᠢᠨ ᠠᠷᠠᠯᠵᠢᠶᠠᠨ ᠤ ᠬᠤᠶᠠᠳᠤᠭᠠᠷ ᠵᠡᠷᠭᠡᠯᠡᠯ ᠤᠨ ᠵᠠᠬ᠎ᠠ ᠳᠡᠯᠭᠡᠭᠦᠷ ᠪᠣᠯᠬᠤ ᠪᠣᠯᠤᠨ᠎ᠠ᠃    ᠲᠣᠰ ᠵᠠᠬ᠎ᠠ ᠳᠡᠯᠭᠡᠭᠦᠷ ᠢ ᠡᠬᠢᠯᠡᠨ ᠡᠵᠡᠩᠨᠡᠵᠦ᠂ ᠳᠤᠮᠳᠠᠳᠤ ᠮᠣᠩᠭᠤᠯ ᠤᠨ ᠬᠢᠯᠢ ᠬᠢᠵᠠᠭᠠᠷ ᠣᠷᠣᠨ ᠤ ︽ᠲᠣᠮᠣ ᠵᠠᠬ᠎ᠠ ᠳᠡᠯᠭᠡᠭᠦᠷ᠂ ᠲᠣᠮᠣ ᠭᠦᠢᠯᠭᠡᠭᠡ᠂ ᠬᠢᠯᠢ ᠶᠢᠨ ᠠᠷᠠᠯᠵᠢᠶ᠎ᠠ︾ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠪᠠ ᠬᠢᠯᠢ ᠶᠢᠨ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号